ᠮᠠᠨ ᠤ ᠬᠤᠰᠢᠭᠤ ᠨᠢ ᠬᠦᠳᠡᠭᠡ ᠲᠤᠰᠬᠤᠨ ᠤ ᠶᠡᠷᠦᠩᠬᠡᠢ ᠴᠣᠭᠴᠠ ᠶᠢᠨ ᠲᠤᠷᠰᠢᠯᠲᠠ ᠶᠢᠨ ᠴᠡᠭ ᠤᠨ | ᠥᠭᠡᠷᠡᠴᠢᠯᠡᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠴᠦᠲᠡᠢ ᠭᠠᠷᠲᠠᠮ ᠪᠣᠯᠭᠠᠵᠤ | ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ | ᠭᠤᠣᠯ ᠱᠤᠭᠤᠮ ᠪᠣᠯᠭᠠᠬᠤ ᠶᠢ ᠢᠮᠠᠭᠲᠠ ᠪᠠᠷᠢᠮᠲᠠᠯᠠᠵᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ | ᠨᠡᠭᠡᠭᠡᠨ ᠬᠥᠭᠵᠢᠭᠦᠯᠦᠯᠲᠡ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ ᠠᠷᠭ᠎ᠠ | ᠵᠠᠮ ᠢᠶᠠᠷ ᠳᠠᠮᠵᠢᠭᠤᠯᠤᠨ ᠠᠵᠤ ᠠᠬᠤᠶᠢᠯᠠᠯ ᠪᠣᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠣᠬᠤ | ᠲᠣᠭᠲᠠᠴᠠ ᠶᠢ ᠴᠢᠩᠭᠠᠳᠬᠠᠵᠤ ︽ᠬᠦᠳᠡᠭᠡ ᠲᠤᠰᠬᠤᠨ ᠤ ᠶᠡᠷᠦᠩᠬᠡᠢ ᠴᠣᠭᠴᠠ︾ ᠶᠢᠨ ᠲᠤᠷᠰᠢᠯᠲᠠ ᠶᠢᠨ ᠴᠡᠭ ᠤᠨ | ᠥᠭᠡᠷᠡᠴᠢᠯᠡᠯᠲᠡ ᠶᠢ ᠬᠦᠴᠦᠲᠡᠢ ᠠᠬᠢᠭᠤᠯᠵᠤ ᠪᠠᠶᠢᠨ᠎ᠠ᠃ | ᠲᠤᠭ ᠤᠨ ᠬᠦᠳᠡᠭᠡ ᠲᠤᠰᠬᠤᠨ ᠤ ᠶᠡᠷᠦᠩᠬᠡᠢ ᠴᠣᠭᠴᠠ ᠶᠢᠨ ᠲᠥᠬᠦᠭᠡᠷᠦᠮᠵᠢᠲᠤ ᠲᠠᠷᠢᠶᠠᠯᠠᠩ ᠤᠨ ᠰᠠᠭᠤᠷᠢᠨ | ᠭᠠᠵᠠᠷ ᠲᠤ ᠠᠵᠢᠯᠴᠢᠳ ᠴᠠᠭ ᠢ ᠵᠠᠪᠳᠤᠨ ᠶᠠᠭᠠᠷᠠᠯᠲᠠᠢ ᠠᠵᠢᠯᠯᠠᠵᠤ ᠵᠢᠮᠢᠰ᠂ ᠢᠳᠡᠰᠢᠨ ᠨᠣᠭᠤᠭᠠᠨ ᠤ ᠴᠢᠬᠢ | ᠰᠠᠭᠤᠯᠭᠠᠬᠤ ᠵᠡᠷᠭᠡ ᠡᠯ᠎ᠡ ᠭᠤᠭᠴᠤᠭ᠎ᠠ ᠶᠢ ᠴᠥᠮ ᠨᠠᠷᠢᠨ ᠬᠢᠨᠠᠮᠠᠭᠠᠢ ᠡᠮᠬᠢ ᠳᠠᠷᠠᠭ᠎ᠠ ᠲᠠᠢ ᠪᠡᠶᠡᠯᠡᠭᠦᠯᠵᠦ ᠪᠠᠶᠢᠨ᠎ᠠ᠃ | ᠲᠤᠭ ᠤᠨ ᠬᠦᠳᠡᠭᠡ ᠲᠤᠰᠬᠤᠨ ᠤ ᠶᠡᠷᠦᠩᠬᠡᠢ ᠴᠣᠭᠴᠠ ᠶᠢᠨ ᠲᠥᠷᠥᠯ ᠵᠦᠢᠯ ᠤᠨ ᠰᠠᠭᠤᠷᠢᠨ ᠭᠠᠵᠠᠷ ᠤᠨ | ᠬᠠᠷᠢᠭᠤᠴᠠᠯᠭᠠᠲᠠᠨ ᠪᠠᠲᠤᠴᠢᠯᠠᠭᠤ᠄ ︽ᠣᠶᠢᠷ᠎ᠠ ᠶᠢᠨ ᠬᠤᠭᠤᠴᠠᠭᠠᠨ ᠳᠤ ᠪᠢᠳᠡ ᠭᠤᠸ᠎ᠠ ᠵᠢᠮᠢᠰ ᠢᠳᠡᠰᠢᠨ | ᠨᠣᠭᠤᠭ᠎ᠠ ᠶᠢ ᠰᠢᠯᠵᠢᠭᠦᠯᠦᠨ ᠲᠠᠷᠢᠵᠤ ᠪᠠᠶᠢᠨ᠎ᠠ᠃ ᠲᠠᠷᠪᠤᠰ᠂ ᠥᠷᠭᠡᠰᠦᠲᠦ ᠬᠡᠮᠬᠡ᠂ ᠠᠮᠲᠠᠲᠤ ᠬᠡᠮᠬᠡ᠂ ᠯᠠᠵᠤᠤ | ᠵᠡᠷᠭᠡ ᠠᠷᠪᠠᠨ ᠬᠡᠳᠦᠨ ᠲᠥᠷᠥᠯ ᠤᠨ ᠢᠳᠡᠰᠢᠨ ᠨᠣᠭᠤᠭ᠎ᠠ ᠶᠢ 150 ᠭᠠᠷᠤᠶ ᠮᠦ ᠲᠠᠷᠢᠵᠠᠢ᠃ 4 ᠳ᠋ᠤᠭᠡᠷ | ᠰᠠᠷ᠎ᠠ ᠳᠤ ᠲᠠᠷᠢᠭᠰᠠᠨ ᠲᠠᠷᠪᠤᠰ ᠣᠳᠣ ᠪᠠᠰᠠ ᠬᠤᠷᠢᠭᠠᠳ ᠡᠳᠦᠷ ᠲᠤ ᠵᠠᠬ᠎ᠠ ᠳᠡᠯᠭᠡᠭᠦᠷ ᠲᠤ ᠭᠠᠷᠴᠢᠬᠠᠨ᠎ᠠ᠂ ᠡᠨᠡ | ᠪᠣᠯ ᠡᠷᠭᠢᠨ ᠲᠣᠭᠤᠷᠢᠨ ᠤ ᠵᠠᠬ᠎ᠠ ᠳᠡᠯᠭᠡᠭᠦᠷ ᠤᠨ ᠬᠠᠮᠤᠭ ᠡᠷᠲᠡᠨ ᠤ ᠨᠢᠭᠡ ᠪᠦᠯᠦᠭ ᠲᠠᠷᠪᠤᠰ ᠪᠣᠯᠣᠨ᠎ᠠ᠃ ᠢᠩᠭᠢᠪᠡᠯ | ᠰᠠᠶᠢᠨ ᠦᠨ᠎ᠡ ᠪᠠᠷ ᠬᠤᠳᠠᠯᠳᠤᠵᠤ ᠴᠢᠳᠠᠨ᠎ᠠ︾ ᠬᠡᠵᠦ ᠪᠠᠶᠢᠪᠠ᠃ | ᠡᠨᠡ ᠵᠢᠯ ᠲᠤᠭ ᠤᠨ ᠬᠦᠳᠡᠭᠡ ᠲᠤᠰᠬᠤᠨ ᠤ ᠶᠡᠷᠦᠩᠬᠡᠢ ᠴᠣᠭᠴᠠ ᠶᠢᠨ ᠲᠥᠷᠥᠯ ᠵᠦᠢᠯ ᠤᠨ ᠰᠠᠭᠤᠷᠢᠨ | ᠭᠠᠵᠠᠷ ᠲᠤ 4 ᠲᠦᠮᠡ ᠭᠠᠷᠤᠢ ᠵᠢᠮᠢᠰ ᠤᠨ ᠮᠣᠳᠣ ᠪᠠ 10 ᠭᠠᠷᠤᠢ ᠲᠦᠮᠡᠨ ᠰᠠᠭᠤᠷᠢ ᠨᠣᠭᠤᠭᠠᠷᠠᠭᠤᠯᠤᠯᠲᠠ ᠶᠢᠨ | ᠮᠣᠳᠣ ᠶᠢ ᠰᠢᠨ᠎ᠡ ᠪᠠᠷ ᠲᠠᠷᠢᠭᠰᠠᠨ ᠪᠠᠶᠢᠨ᠎ᠠ᠃ ᠡᠭᠦᠨ ᠳᠤ ᠲᠤᠭᠤᠷ᠂ ᠠᠯᠢᠮ᠎ᠠ᠂ ᠳᠣᠯᠣᠨᠤ ᠵᠡᠷᠭᠡ ᠵᠢᠮᠢᠰ ᠨᠢ | ᠵᠢᠯ ᠤᠨ ᠡᠴᠦᠰ ᠲᠤ ᠠᠵᠤ ᠠᠬᠤᠢ ᠶᠢᠨ ᠦᠷ᠎ᠡ ᠠᠰᠢᠭ ᠡᠭᠦᠳᠬᠦ ᠪᠣᠯᠣᠨ᠎ᠠ᠃ | ᠪᠠᠲᠤᠴᠢᠯᠠᠭᠤ᠄ ︽ᠮᠡᠷᠭᠡᠵᠢᠯ ᠤᠨ ᠲᠠᠯ᠎ᠠ ᠪᠠᠷ ᠪᠢᠳᠡ ᠲᠠᠷᠢᠮᠠᠯ ᠤᠨ ᠲᠤᠰᠬᠠᠶ ᠠᠵᠤ ᠠᠬᠤᠶᠢᠯᠠᠯ ᠲᠠᠢ | ᠬᠠᠮᠲᠤᠷᠠᠨ ᠠᠵᠢᠯᠯᠠᠵᠤ ᠪᠢᠳᠠᠨ ᠳᠤ ᠪᠦᠬᠦ ᠶᠠᠪᠤᠴᠠ ᠶᠢᠨ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠦ ᠵᠠᠬ᠎ᠠ | ᠳᠡᠯᠭᠡᠭᠦᠷ ᠤᠨ ᠲᠠᠯ᠎ᠠ ᠪᠠᠷ ᠭᠤᠣᠯᠳᠠᠭᠤ ᠬᠢᠶ᠎ᠡ ᠪᠠᠭᠰᠢ ᠲᠣᠭᠤᠷᠢᠭ ᠤᠨ ᠵᠤᠭᠠᠴᠠᠯ ᠵᠣᠴᠢᠯᠠᠭ᠎ᠠ ᠳᠤ ᠢᠳᠡᠰᠢᠨ | ᠨᠣᠭᠤᠭ᠎ᠠ ᠵᠢᠮᠢᠰ ᠬᠠᠩᠭᠠᠬᠤ ᠪᠠᠷ ᠪᠠᠶᠢᠵᠦ ᠣᠳᠣᠬᠠᠨ ᠳᠤ ᠵᠠᠷᠢᠮ ᠪᠠᠷᠠᠭ᠎ᠠ ᠬᠠᠩᠭᠠᠬᠤ ᠬᠡᠯᠡᠯᠴᠡᠭᠡᠷ ᠢ ᠨᠢᠭᠡᠨᠲᠡ | ᠲᠣᠭᠲᠠᠭᠰᠠᠨ ᠪᠠᠶᠢᠨ᠎ᠠ᠃ ᠡᠨᠡ ᠨᠢ ᠮᠠᠨ ᠤ ᠪᠣᠷᠣᠯᠠᠭᠤᠯᠭ᠎ᠠ ᠳᠤ ᠪᠠᠲᠤᠯᠠᠭ᠎ᠠ ᠪᠣᠯᠵᠠᠢ︾ ᠬᠡᠵᠦ ᠪᠠᠶᠢᠪᠠ᠃ | ᠲᠤᠭ ᠤᠨ ᠬᠦᠳᠡᠭᠡ ᠲᠤᠰᠬᠤᠨ ᠤ ᠶᠡᠷᠦᠩᠬᠡᠢ ᠴᠣᠭᠴᠠ ᠶᠢᠨ ᠲᠥᠷᠥᠯ ᠵᠦᠢᠯ ᠢ 2017 ᠣᠨ ᠳᠤ ᠡᠬᠢᠯᠡᠨ | ᠪᠠᠶᠢᠭᠤᠯᠵᠤ ᠶᠡᠷᠦᠩᠬᠡᠢ ᠪᠡᠯᠡ ᠣᠷᠣᠭᠤᠯᠤᠯᠲᠠ ᠨᠢ 16 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ᠃ | ᠲᠤᠰ ᠲᠥᠷᠥᠯ ᠵᠦᠢᠯ ᠨᠢ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠲᠣᠬᠢᠷᠠᠭᠤᠯᠤᠯᠲᠠ ᠪᠠᠷ ᠠᠵᠠ | ᠲᠣᠬᠢᠶᠠᠯ ᠪᠣᠯᠭᠠᠵᠤ ᠲᠠᠷᠢᠶᠠᠯᠠᠩ ᠤᠨ ᠠᠵᠤ ᠦᠢᠯᠡᠰ ᠤᠨ ᠬᠡᠯᠬᠢᠶᠡᠵᠢᠯ ᠤᠨ ᠴᠤᠭᠯᠠᠷᠠᠯ ᠵᠢᠴᠢ ᠤᠯᠠᠨ ᠠᠵᠤ | ᠦᠢᠯᠡᠰ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠣᠢᠯᠠᠭᠠᠭᠳᠠᠬᠤᠨ ᠲᠠᠢ ᠤᠶᠠᠯᠳᠤᠭᠤᠯᠤᠨ ᠣᠳᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠪᠣᠯᠤᠨ ᠠᠮᠢ ᠠᠬᠤᠢ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠲᠥᠷᠥᠯ ᠵᠦᠢᠯ | ᠵᠡᠷᠭᠡ ᠤᠯᠠᠨ ᠠᠵᠤ ᠦᠢᠯᠡᠰ ᠢ ᠬᠥᠭᠵᠢᠭᠦᠯᠵᠦ ︽ᠲᠠᠷᠢᠶᠠᠯᠠᠩ + ᠪᠠᠶᠢᠯᠳᠤᠬᠤ ᠪᠣᠳᠣᠯᠭ᠎ᠠ︾ ᠪᠠᠷ ᠭᠤᠣᠯ | ᠪᠣᠯᠭᠠᠭᠰᠠᠨ ᠣᠳᠣ ᠦᠶ᠎ᠡ ᠶᠢᠨ ᠲᠠᠷᠢᠶᠠᠯᠠᠩ ᠤᠨ ᠶᠡᠷᠦᠩᠬᠡᠢ ᠴᠣᠭᠴᠠᠵᠢᠭᠤᠯᠤᠯᠲᠠ ᠶᠢᠨ ᠲᠥᠷᠥᠯ ᠵᠦᠢᠯ ᠢ | ᠪᠠᠶᠢᠭᠤᠯᠵᠤ ᠪᠠᠶᠢᠨ᠎ᠠ᠃ ᠦᠦᠰᠢᠨ ᠬᠤᠰᠢᠭᠤᠨ ᠤ ᠡᠮᠦᠨᠡᠲᠦ ᠬᠡᠰᠡᠭ ᠲᠤ ᠪᠠᠶᠢᠷᠢᠯᠠᠵᠤ ᠪᠠᠶᠢᠭ᠎ᠠ ᠰᠢᠷᠬᠤᠰᠤᠨ | ᠭᠤᠣᠯ ᠤᠨ ᠬᠦᠳᠡᠭᠡ ᠲᠤᠰᠬᠤᠨ ᠤ ᠶᠡᠷᠦᠩᠬᠡᠢ ᠴᠣᠭᠴᠠ ᠶᠢᠨ ᠲᠥᠷᠥᠯ ᠵᠦᠢᠯ ᠤᠨ ᠰᠠᠭᠤᠷᠢᠨ ᠭᠠᠵᠠᠷ ᠨᠢ ᠵᠢᠯ ᠤᠨ | ᠡᠬᠢᠨ ᠳᠤ ᠪᠠᠯᠭᠠᠰᠤᠨ ᠠᠴᠠ ᠳᠤᠭᠠᠷ ᠤᠨ ᠲᠣᠬᠤᠢ ᠲᠥᠬᠦᠭᠡᠷᠦᠮᠵᠢᠲᠤ ᠲᠠᠷᠢᠶᠠᠯᠠᠩ ᠤᠨ ᠰᠠᠭᠤᠷᠢᠨ ᠭᠠᠵᠠᠷ ᠢ | 1200 ᠭᠠᠷᠤᠢ ᠮᠦ ᠳᠠᠭᠠᠭᠠᠴᠢᠯᠠᠵᠤ ᠠᠪᠤᠭᠠᠳ ᠮᠠᠰᠢᠨᠴᠢᠯᠠᠯᠲᠠ ᠶᠢ ᠪᠡᠶᠡᠯᠡᠭᠦᠯᠦᠨ ᠢᠳᠡᠰᠢᠨ ᠨᠣᠭᠤᠭ᠎ᠠ ᠲᠠᠷᠢᠭᠰᠠᠨ | ᠪᠠᠶᠢᠨ᠎ᠠ᠃ | ᠳᠤᠭᠠᠷ ᠤᠨ ᠲᠣᠬᠤᠢ ᠲᠥᠬᠦᠭᠡᠷᠦᠮᠵᠢᠲᠤ ᠲᠠᠷᠢᠶᠠᠯᠠᠩ ᠤᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠭᠦ᠋ | ᠵᠧᠩ ᠸᠧᠢ᠄ ︽ᠠᠳᠡ ᠨᠡᠶᠢᠲᠡ 1000 ᠮᠦ ᠶᠢᠨ ᠢᠳᠡᠰᠢᠨ ᠨᠣᠭᠤᠭᠠᠨ ᠤ ᠰᠠᠭᠤᠷᠢᠨ ᠭᠠᠵᠠᠷ ᠪᠠᠶᠢᠨ᠎ᠠ᠃ ᠡᠭᠦᠨ | ᠳᠤ 500 ᠮᠦ ᠨᠢ ᠬᠦᠯᠡᠮᠵᠢ ᠶᠢᠨ ᠲᠠᠷᠢᠶ᠎ᠠ ᠪᠣᠯᠣᠨ᠎ᠠ᠃ ᠣᠳᠣ ᠨᠢᠭᠡᠨᠲᠡ 300 ᠮᠤ᠋ ᠶᠢᠨ ᠬᠦᠯᠡᠮᠵᠢ ᠶᠢᠨ ᠨᠣᠭᠤᠭ᠎ᠠ | ᠲᠠᠷᠢᠵᠦ 100 ᠮᠦ ᠶᠢᠨ ᠢᠳᠡᠰᠢᠨ ᠨᠣᠭᠤᠭ᠎ᠠ ᠲᠠᠷᠢᠭᠰᠠᠨ ᠪᠠᠶᠢᠨ᠎ᠠ᠃ ᠢᠳᠡᠰᠢᠨ ᠨᠣᠭᠤᠭ᠎ᠠ ᠪᠠᠨ ᠭᠤᠣᠯᠳᠠᠭᠤ | ᠪᠡᠭᠡᠵᠢᠩ᠂ ᠰᠢ ᠠᠨ᠂ ᠲᠢᠶᠠᠨᠵᠢᠨ ᠭᠤᠷᠪᠠᠨ ᠭᠠᠵᠠᠷ ᠲᠤ ᠪᠣᠷᠣᠯᠠᠭᠤᠯᠳᠠᠭ᠃ ᠣᠳᠣ ᠨᠢᠭᠡᠨᠲᠡ ᠬᠡᠳᠦᠨ ᠳᠡᠯᠭᠡᠭᠦᠷ | ᠲᠠᠢ ᠭᠡᠷ᠎ᠡ ᠲᠣᠭᠲᠠᠴᠢᠬᠠᠭᠰᠠᠨ︾ ᠬᠡᠵᠦ ᠪᠠᠶᠢᠪᠠ ᠃ | ᠰᠢᠷᠬᠤᠰᠤᠨ ᠭᠤᠣᠯ ᠤᠨ ᠠᠵᠤ ᠠᠬᠤᠶᠢᠯᠠᠯ ᠨᠢ ᠡᠨᠡ ᠵᠢᠯ ᠠᠴᠠ ᠲᠠᠷᠢᠬᠤ ᠠᠷᠭ᠎ᠠ ᠳᠤ ᠪᠠᠨ ᠥᠭᠡᠷᠡᠴᠢᠯᠡᠯᠲᠡ | ᠬᠢᠵᠦ ᠳᠦᠷᠦᠭᠦᠦ ᠵᠢᠯ ᠠᠴᠠ ᠨᠢ ᠡᠬᠢᠯᠡᠨ ᠲᠠᠷᠢᠶᠠᠨ ᠭᠠᠵᠠᠷ ᠢᠶᠠᠨ ᠲᠡᠭᠰᠢᠯᠡᠵᠦ 4 ᠰᠠᠷ᠎ᠠ ᠠᠴᠠ 7 ᠰᠠᠷ᠎ᠠ ᠶᠢᠨ ᠡᠬᠢ | ᠪᠣᠯᠲᠠᠯ᠎ᠠ ᠴᠢᠬᠢ ᠪᠣᠶᠢᠵᠢᠭᠤᠯᠬᠤ ᠪᠠ ᠢᠳᠡᠰᠢᠨ ᠨᠣᠭᠤᠭᠠᠨ ᠤ ᠴᠢᠬᠢ ᠰᠠᠭᠤᠯᠭᠠᠬᠤ᠂ ᠴᠢᠬᠢ ᠰᠢᠯᠵᠢᠭᠦᠯᠦᠨ ᠲᠠᠷᠢᠬᠤ | ᠠᠵᠢᠯ ᠢ ᠬᠢᠵᠤ 6 ᠰᠠᠷ᠎ᠠ ᠠᠴᠠ 10 ᠰᠠᠷ᠎ᠠ ᠪᠣᠯᠲᠠᠯ᠎ᠠ ᠢᠳᠡᠰᠢᠨ ᠨᠣᠭᠤᠭ᠎ᠠ ᠶᠢ ᠵᠠᠯᠭ᠎ᠠ ᠪᠠᠷ ᠵᠠᠬ᠎ᠠ ᠳᠡᠯᠭᠡᠭᠦᠷ ᠲᠤ | ᠪᠣᠷᠣᠯᠠᠭᠤᠯᠬᠤ ᠪᠠᠷ ᠪᠠᠶᠢᠨ᠎ᠠ᠃ | ᠭᠦ᠋ ᠵᠧᠩ ᠸᠧᠢ᠄ ︽ᠥᠩᠭᠡᠷᠡᠭᠰᠡᠨ ᠵᠢᠯ ᠤᠳ ᠲᠤ ᠣᠯᠠᠩᠬᠢ ᠳᠠᠭᠠᠨ ᠵᠠᠬ᠎ᠠ ᠳᠡᠯᠭᠡᠭᠦᠷ ᠲᠤ | ᠲᠥᠪᠯᠡᠷᠡᠭᠦᠯᠦᠨ ᠭᠠᠷᠭᠠᠵᠤ ᠪᠣᠷᠣᠯᠠᠭᠤᠯᠭ᠎ᠠ ᠨᠢ ᠠᠮᠠᠷᠬᠠᠨ ᠵᠣᠭᠰᠣᠩᠭᠤᠶᠢᠷᠠᠳᠠᠭ ᠪᠠᠶᠢᠪᠠ᠃ ᠡᠨᠡ ᠵᠢᠯ ᠪᠢᠳᠠ ᠴᠠᠭ | ᠵᠥᠷᠢᠵᠦ ᠪᠠᠶᠢᠭᠠᠳ ᠵᠠᠬ᠎ᠠ ᠳᠡᠯᠭᠡᠭᠦᠷ ᠲᠤ ᠭᠠᠷᠭᠠᠨ᠎ᠠ᠃ ᠡᠨᠡ ᠬᠡᠰᠡᠭ ᠬᠤᠭᠤᠴᠠᠭᠠᠨ ᠳᠤ ᠡᠶᠢᠮᠦᠷᠬᠦ ᠨᠣᠭᠤᠭ᠎ᠠ ᠨᠢ | ᠡᠮᠦᠨᠡᠲᠦ ᠣᠷᠣᠨ ᠤ ᠵᠠᠬ᠎ᠠ ᠳᠡᠯᠭᠡᠭᠦᠷ ᠲᠤ ᠴᠤ ᠬᠤᠭᠤᠰᠣᠨ ᠬᠤᠭᠤᠴᠠᠭ᠎ᠠ ᠪᠣᠯᠤᠨ᠎ᠠ᠂ ᠪᠢᠳᠠ ᠡᠨᠡ ᠲᠣᠬᠢᠶᠠᠯ ᠢ | ᠠᠰᠢᠭᠯᠠᠨ ᠢᠳᠡᠰᠢᠨ ᠨᠣᠭᠤᠭ᠎ᠠ ᠪᠠᠨ ᠰᠠᠶᠢᠨ ᠦᠨ᠎ᠡ ᠪᠠᠷ ᠬᠤᠳᠠᠯᠳᠤᠵᠤ ᠪᠣᠯᠤᠨ᠎ᠠ︾ ᠬᠡᠵᠦ ᠪᠠᠶᠢᠪᠠ᠃ | ᠰᠢᠷᠬᠤᠰᠤᠨ ᠭᠤᠣᠯ ᠤᠨ ᠬᠦᠳᠡᠭᠡ ᠲᠤᠰᠬᠤᠨ ᠤ ᠶᠡᠷᠦᠩᠬᠡᠢ ᠴᠣᠭᠴᠠ ᠶᠢᠨ ᠲᠥᠷᠥᠯ ᠵᠦᠢᠯ ᠨᠢ ᠰᠢᠷᠬᠤᠰᠤᠨ | ᠭᠤᠣᠯ ᠤᠨ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠪᠠᠷ ᠠᠴᠢᠶᠠᠯᠠᠪᠤᠷᠢ ᠪᠣᠯᠭᠠᠨ ᠮᠠᠯᠴᠢᠨ ᠲᠠᠷᠢᠶᠠᠴᠢᠨ ᠤ ᠣᠳᠣ ᠪᠠᠶᠢᠭ᠎ᠠ ᠲᠠᠷᠠᠬᠠᠶ ᠪᠤᠲᠠᠷᠬᠠᠶ ᠭᠠᠵᠠᠷ | ᠰᠢᠷᠣᠢ ᠶᠢ ᠨᠢᠭᠡᠳᠦᠭᠦᠯᠦᠨ ᠠᠰᠢᠭᠯᠠᠵᠤ ᠣᠰᠣᠨ ᠲᠤᠲᠤᠷᠭ᠎ᠠ᠂ ᠠᠯᠮᠤᠷᠠᠳ᠂ ᠦᠵᠦᠮ ᠵᠡᠷᠭᠡ ᠤᠯᠠᠨ ᠵᠦᠢᠯ ᠤᠨ | ᠲᠠᠷᠢᠶᠠᠯᠠᠩ ᠤᠨ ᠠᠵᠤ ᠦᠢᠯᠡᠰ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠡᠷᠭᠢᠯᠲᠡᠲᠦ ᠬᠥᠭᠵᠢᠯᠲᠡ ᠶᠢᠨ | ᠵᠠᠭᠪᠤᠷ ᠢ ᠭᠤᠣᠯᠳᠠᠯᠭ᠎ᠠ ᠲᠠᠢ ᠬᠥᠭᠵᠢᠭᠦᠯᠣᠨ ᠣᠳᠣᠬᠠᠨ ᠳᠤ ᠨᠢᠭᠡᠨᠲᠡ 3000 ᠮᠣ᠋ ᠣᠰᠣᠨ ᠲᠤᠲᠤᠷᠭ᠎ᠠ᠂ | 5000 ᠮᠣ᠋ ᠠᠯᠮᠤᠷᠠᠳ᠂ 1200 ᠮᠣ᠋ ᠦᠵᠦᠮ᠂ 1700 ᠮᠣ᠋ ᠪᠡᠯᠡᠳᠬᠡᠮᠵᠢ ᠶᠢᠨ ᠲᠠᠷᠢᠶᠠᠯᠠᠩ ᠢ | ᠪᠦᠷᠢᠯᠳᠦᠭᠦᠯᠦᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠭᠰᠠᠨ ᠪᠠᠶᠢᠨ᠎ᠠ᠃ | ᠦᠦᠰᠢᠨ ᠬᠤᠰᠢᠭᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠯᠪᠠᠨ ᠭᠡᠷ ᠤᠨ ᠠᠵᠢᠯᠲᠠᠨ ᠯᠢᠦ ᠱᠢ | ᠬᠠᠢ᠄ ︽ᠪᠢᠳᠠ ᠰᠠᠭᠤᠷᠢ ᠰᠠᠶᠢᠨ᠂ ᠦᠪᠡᠷᠮᠢᠴᠡ ᠣᠨᠴᠠᠯᠢᠭ ᠲᠠᠢ᠂ ᠳᠠᠯᠳᠠ ᠬᠦᠴᠦᠨ ᠰᠠᠶᠢᠨ ᠲᠤᠭ ᠪᠠᠯᠭᠠᠰᠤ | ᠪᠣᠯᠣᠨ ᠰᠢᠷᠬᠤᠰᠤᠨ ᠪᠠᠯᠭᠠᠰᠤ ᠪᠠᠷ ᠲᠤᠷᠰᠢᠯᠲᠠ ᠶᠢᠨ ᠴᠡᠭ ᠪᠣᠯᠭᠠᠨ ᠲᠠᠷᠢᠶᠠᠯᠠᠩ ᠮᠠᠯ ᠠᠵᠤ ᠠᠬᠤᠶ᠂ ᠰᠣᠶᠣᠯ᠂ | ᠵᠢᠭᠤᠯᠴᠢᠯᠠᠯ ᠭᠤᠷᠪᠠ ᠶᠢ ᠨᠢᠭᠡ ᠴᠣᠭᠴᠠᠵᠢᠭᠤᠯᠤᠭᠰᠠᠨ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢ ᠵᠡᠷᠭᠡᠪᠡᠷ | ᠰᠠᠶᠢᠵᠢᠷᠠᠭᠤᠯᠤᠭᠰᠠᠨ᠂ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ | ᠢ ᠭᠦᠨᠵᠡᠭᠡᠶ ᠠᠭᠤᠰᠤᠯᠴᠠᠭᠤᠯᠤᠭᠰᠠᠨ ᠣᠨᠴᠠᠯᠢᠭᠲᠤ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠵᠦ ᠪᠠᠶᠢᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠶᠢ ᠪᠡᠶᠡᠯᠡᠭᠦᠯᠵᠦ | ᠡᠴᠦᠰ ᠲᠡᠭᠡᠨ ᠲᠠᠷᠢᠶᠠᠯᠠᠩ ᠮᠠᠯ ᠠᠵᠤ ᠠᠬᠤᠶ ᠬᠦᠴᠦᠷᠬᠡᠭ᠂ ᠮᠠᠯᠵᠢᠬᠤ ᠲᠠᠷᠢᠶᠠᠯᠠᠬᠤ ᠣᠷᠣᠨ ᠦᠵᠡᠰᠬᠦᠯᠡᠩᠲᠦ | ᠰᠠᠢᠬᠠᠨ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠠᠶᠢᠬᠤ ᠡᠨᠡ ᠬᠦ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠠᠷ | ᠴᠢᠷᠮᠠᠶᠢᠵᠦ ᠪᠠᠶᠢᠨ᠎ᠠ︾ ᠬᠡᠵᠦ ᠪᠠᠶᠢᠪᠠ᠃ | |