5 ᠰᠠᠷ᠎ᠠ ᠶᠢᠨ 16 ᠤ ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤ | ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽ᠰᠢᠨ᠎ᠡ ᠬᠦᠭᠵᠢᠯᠲᠡ ᠶᠢᠨ | ᠤᠶᠢᠯᠠᠭᠠᠬᠳᠠᠬᠤᠨ ᠢ ᠭᠦᠨᠵᠡᠭᠡᠢ ᠤᠶᠢᠯᠠᠭᠠᠶ᠎ᠠ︾ ᠶᠢ ᠨᠡᠶᠢᠲᠡᠯᠡᠪᠡ᠃ ᠵᠤᠬᠢᠶᠠᠯ ᠳᠤ᠂ ᠰᠢᠨ᠎ᠡ ᠶᠢ ᠡᠭᠦᠳᠬᠦ ᠪᠠᠷ | ᠬᠦᠳᠡᠯᠭᠡᠭᠦᠷ ᠪᠤᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠦᠴᠦᠯᠡᠨ ᠬᠡᠷᠡᠭᠵᠢᠭᠦᠯᠬᠦ ᠬᠡᠷᠡᠭᠲᠡᠢ᠃ | ᠰᠢᠨ᠎ᠡ ᠶᠢ ᠡᠭᠦᠳᠬᠦ ᠶᠢ ᠠᠳᠬᠤᠵᠤ ᠳᠡᠶᠢᠯᠪᠡᠯ ᠳᠠᠷᠤᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠲᠠᠯ᠎ᠠ ᠶᠢ | ᠨᠦᠯᠦᠭᠡᠯᠡᠬᠦ ︽ᠵᠢᠯᠤᠭᠤ︾ ᠶᠢ ᠠᠳᠬᠤᠵᠤ ᠳᠡᠶᠢᠯᠦᠨ᠎ᠡ᠃ ᠰᠢᠨ᠎ᠡ ᠶᠢ ᠡᠭᠦᠳᠬᠦ ᠶᠢ ᠠᠳᠬᠤᠬᠤ ᠨᠢ ᠳᠠᠷᠤᠢ | ᠬᠦᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠪᠤᠯᠤᠨ᠎ᠠ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠨᠢ ᠳᠠᠷᠤᠢ | ᠢᠷᠡᠭᠡᠳᠦᠢ ᠪᠠᠨ ᠰᠦᠪᠡᠭᠴᠢᠯᠡᠵᠦ ᠪᠠᠶᠢᠭ᠎ᠠ ᠶᠠᠪᠤᠳᠠᠯ ᠪᠤᠯᠤᠨ᠎ᠠ᠃ ᠪᠢᠳᠠ ᠡᠷᠬᠡᠪᠰᠢ ᠬᠦᠭᠵᠢᠯᠲᠡ ᠶᠢᠨ ᠰᠠᠭᠤᠷᠢ | ᠴᠡᠭ ᠢᠶᠠᠨ ᠰᠢᠨ᠎ᠡ ᠶᠢ ᠡᠭᠦᠳᠬᠦ ᠳᠡᠭᠡᠷ᠎ᠡ ᠲᠠᠯᠪᠢᠵᠤ᠂ ᠰᠢᠨ᠎ᠡ ᠶᠢ ᠡᠭᠦᠳᠬᠦ ᠪᠠᠷ ᠳᠠᠮᠵᠢᠨ ᠬᠦᠭᠵᠢᠯᠲᠡ ᠶᠢᠨ ᠰᠢᠨ᠎ᠡ | ᠬᠦᠳᠡᠯᠭᠡᠬᠦ ᠬᠦᠴᠦᠨ ᠢ ᠬᠦᠮᠦᠵᠢᠭᠦᠯᠵᠦ᠂ ᠤᠷᠢᠳᠠᠴᠢ ᠳᠠᠪᠠᠭᠤᠯᠢᠬ ᠢᠶᠠᠨ ᠪᠠᠳᠠᠷᠠᠭᠤᠯᠵᠤ ᠳᠡᠶᠢᠯᠬᠦ ᠬᠦᠲᠦᠯᠦᠨ | ᠳᠠᠭᠠᠭᠤᠯᠬᠤ ᠴᠢᠨᠠᠷᠲᠠᠢ ᠬᠦᠭᠵᠢᠯᠲᠡ ᠶᠢ ᠨᠡᠩ ᠤᠯᠠᠨ ᠪᠤᠢ ᠪᠤᠯᠭᠠᠵᠤ᠂ ᠪᠤᠰᠤᠳ ᠲᠤ ᠪᠠᠶᠢᠬᠤ ᠨᠢ ᠨᠠᠳᠠᠳᠤ ᠴᠤ | ᠪᠠᠶᠢᠨ᠎ᠠ᠂ ᠪᠤᠰᠤᠳ ᠲᠤ ᠪᠠᠶᠢᠪᠠᠯ ᠨᠠᠳᠠᠳᠤ ᠴᠢᠩᠭ᠎ᠠ ᠨᠢ ᠪᠠᠶᠢᠬᠤ᠂ ᠪᠤᠰᠤᠳ ᠲᠤ ᠴᠢᠩᠭ᠎ᠠ ᠨᠢ ᠪᠠᠶᠢᠪᠠᠯ ᠨᠠᠳᠠᠳᠤ | ᠰᠢᠯᠢᠳᠡᠭ ᠨᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠤᠬᠢᠶᠠᠯ ᠳᠤ᠂ ᠬᠦᠭᠵᠢᠯᠲᠡ ᠶᠢᠨ ᠪᠦᠬᠦᠯᠢ ᠴᠤᠬᠴᠠᠲᠤ ᠴᠢᠨᠠᠷ ᠵᠤᠬᠢᠴᠠᠩᠭᠤᠢ ᠴᠢᠨᠠᠷ ᠢ ᠬᠦᠴᠦᠯᠡᠨ | ᠴᠢᠩᠭᠠᠳᠬᠠᠬᠤ ᠬᠡᠷᠡᠭᠲᠡᠢ᠃ ᠵᠤᠬᠢᠴᠠᠩᠭᠤᠢ ᠪᠠᠶᠢᠬᠤ ᠨᠢ ᠬᠦᠭᠵᠢᠯᠲᠡ ᠶᠢᠨ ᠠᠷᠭ᠎ᠠ ᠪᠠᠷᠢᠯ ᠮᠦᠷᠲᠡᠭᠡᠨ ᠪᠠᠰᠠ ᠴᠤ | ᠬᠦᠭᠵᠢᠯᠲᠡ ᠶᠢᠨ ᠬᠠᠷᠠᠯᠲᠠ ᠮᠦᠨ᠂ ᠡᠭᠦᠨ ᠤ ᠵᠡᠷᠭᠡ ᠪᠠᠷ ᠪᠠᠰᠠ ᠬᠦᠭᠵᠢᠯᠲᠡ ᠶᠢ ᠦᠨᠡᠯᠡᠬᠦ ᠪᠠᠷᠢᠮᠵᠢᠶ᠎ᠡ ᠪᠠ | ᠭᠡᠮᠵᠢᠬᠦᠷ ᠮᠦᠨ᠂ ᠬᠦᠭᠵᠢᠯᠲᠠ ᠶᠢᠨ ᠬᠤᠶᠠᠷᠯᠠᠬᠤ ᠤᠨᠤᠯ ᠪᠠ ᠭᠤᠤᠯ ᠪᠤᠯᠬᠤ ᠤᠨᠤᠯ ᠤᠨ ᠨᠢᠭᠡᠳᠦᠯ ᠮᠦᠨ᠂ | ᠬᠦᠭᠵᠢᠯᠳᠡ ᠲᠡᠩᠴᠡᠬᠦᠷᠢᠳᠡᠢ ᠪᠠᠶᠢᠬᠤ ᠪᠠ ᠲᠡᠩᠴᠡᠬᠦᠷᠢ ᠦᠬᠡᠢ ᠪᠠᠶᠢᠬᠤ ᠶᠢᠨ ᠨᠢᠬᠡᠳᠤᠯ ᠮᠥᠨ᠂ ᠬᠦᠭᠵᠢᠯᠲᠡ ᠶᠢᠨ | ᠲᠤᠲᠠᠭᠤᠳᠠᠯ ᠪᠠ ᠳᠠᠯᠳᠠ ᠬᠦᠴᠦᠨ ᠤ ᠨᠢᠭᠡᠳᠦᠯ ᠮᠦᠨ᠃ ᠪᠢᠳᠠ ᠬᠤᠪᠢᠰᠤᠩᠭᠤᠢ ᠠᠷᠭ᠎ᠠ ᠶᠢ ᠬᠡᠷᠡᠭᠯᠡᠬᠦ ᠶᠢ ᠰᠤᠷᠴᠤ | ᠂ ᠬᠡᠰᠡᠭ ᠲᠠᠯ᠎ᠠ ᠪᠠ ᠪᠦᠬᠦ ᠲᠠᠯ᠎ᠠ᠂ ᠤᠳᠤᠬᠠᠨ ᠪᠠ ᠠᠯᠤᠰ ᠢᠷᠡᠭᠡᠳᠦᠢ᠂ ᠭᠤᠤᠯᠳᠠᠯᠭ᠎ᠠ ᠪᠠ ᠭᠤᠤᠯᠳᠠᠯᠭ᠎ᠠ | ᠪᠤᠰᠤ ᠶᠢᠨ ᠬᠠᠷᠢᠴᠠᠭ᠎ᠠ ᠶᠢ ᠰᠠᠶᠢᠳᠤᠷ ᠰᠢᠢᠳᠪᠦᠷᠢᠯᠡᠵᠦ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠲᠡ᠂ ᠬᠤᠲᠠ | ᠬᠦᠳᠡᠭᠡ ᠶᠢᠨ ᠵᠤᠬᠢᠴᠠᠩᠭᠤᠢ ᠬᠦᠭᠵᠢᠯᠲᠠ᠂ ᠪᠤᠳᠠᠰ ᠤᠨ ᠪᠤᠯᠪᠠᠰᠤᠨ ᠪᠠ ᠤᠶᠤᠨ ᠤ ᠪᠤᠯᠪᠠᠰᠤᠨ ᠤ ᠵᠤᠬᠢᠴᠠᠩᠭᠤᠢ | ᠬᠦᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠪᠦᠳᠦᠬᠡᠨ ᠪᠠᠶᠢᠭᠤᠯᠤᠯᠲᠠ ᠪᠠ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠰᠤᠯᠴᠠᠨ ᠬᠦᠭᠵᠢᠬᠦ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠵᠤᠬᠢᠶᠠᠯ ᠳᠤ᠂ ᠬᠦᠮᠦᠨ ᠬᠢᠭᠡᠳ ᠪᠠᠶᠢᠭᠠᠯᠢ ᠶᠢᠨ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠶᠢ ᠬᠦᠴᠦᠯᠡᠨ | ᠠᠬᠢᠭᠤᠯᠬᠤ ᠬᠡᠷᠡᠭᠲᠡᠢ᠃ ᠠᠮᠢ ᠠᠬᠤᠢ ᠤᠷᠴᠢᠨ ᠲᠤᠭᠤᠷᠢᠨ ᠢ ᠤᠷᠤᠯᠠᠬᠤ ᠪᠤᠳᠠᠰ ᠭᠡᠵᠦ ᠦᠭᠡᠢ᠂ ᠪᠢᠳᠡ | ᠬᠡᠷᠡᠭᠯᠡᠬᠦ ᠳᠡᠭᠡᠨ ᠮᠡᠳᠡᠭᠳᠡᠬᠦ ᠦᠭᠡᠢ ᠴᠤ ᠠᠯᠳᠠᠴᠢᠬᠠᠪᠠᠯ ᠤᠷᠤᠰᠢᠨ ᠳᠤᠭᠳᠠᠨᠢᠬᠤᠶᠠ ᠪᠡᠷᠬᠡ ᠪᠤᠯᠳᠠᠭ᠃ ᠶᠡᠭᠡ | ᠲᠠᠯ᠎ᠠ ᠶᠢᠨ ᠦᠵᠡᠯᠲᠡ᠂ ᠠᠯᠤᠰ ᠬᠡᠳᠦ ᠶᠢᠨ ᠦᠵᠡᠯᠲᠡ᠂ ᠪᠦᠬᠦᠯᠢ ᠴᠤᠬᠴᠠ ᠶᠢᠨ ᠦᠵᠡᠯᠲᠡ ᠶᠢ ᠪᠤᠢ ᠪᠤᠯᠭᠠᠵᠤ᠂ | ᠡᠬᠢ ᠪᠠᠶᠠᠯᠢᠭ ᠢ ᠠᠷᠪᠢᠯᠠᠨ ᠭᠠᠮᠨᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠦᠨᠳᠦᠰᠦᠨ ᠲᠦᠷᠦ ᠶᠢᠨ | ᠪᠤᠳᠤᠯᠭ᠎ᠠ ᠶᠢ ᠪᠠᠷᠢᠮᠲᠠᠯᠠᠵᠤ᠂ ᠨᠢᠳᠦᠨ ᠤ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠠᠮᠢ ᠠᠬᠤᠢ ᠤᠷᠴᠢᠨ | ᠲᠤᠭᠤᠷᠢᠨ ᠢ ᠬᠠᠮᠠᠭᠠᠯᠠᠵᠤ᠂ ᠠᠮᠢ ᠨᠠᠰᠤᠨ ᠳᠤ ᠬᠠᠨᠳᠤᠬᠤ ᠲᠠᠢ ᠠᠳᠠᠯᠢ ᠪᠠᠷ ᠠᠮᠢ ᠠᠬᠤᠢ ᠤᠷᠴᠢᠨ ᠲᠤᠭᠤᠷᠢᠨ ᠳᠤ | ᠬᠠᠨᠳᠤᠵᠤ᠂ ᠪᠤᠬᠢᠷᠳᠤᠯ ᠦᠭᠡᠢ ᠬᠦᠭᠵᠢᠯᠲᠡ ᠶᠢᠨ ᠬᠡᠯᠪᠡᠷᠢ ᠪᠤᠯᠤᠨ ᠠᠮᠢᠳᠤᠷᠠᠯ ᠤᠨ ᠬᠡᠯᠪᠡᠷᠢ ᠶᠢᠨ ᠪᠦᠷᠢᠯᠳᠦᠬᠦ ᠶᠢ | ᠠᠬᠢᠭᠤᠯᠵᠤ᠂ ᠠᠷᠠᠳ ᠲᠦᠮᠡᠨ ᠪᠠᠶᠠᠨ ᠴᠢᠨᠡᠭᠡᠯᠢᠭ᠂ ᠤᠯᠤᠰ ᠤᠷᠤᠨ ᠬᠦᠴᠦᠷᠬᠡᠭ᠂ ᠳᠤᠮᠳᠠᠳᠤ ᠤᠯᠤᠰ | ᠦᠵᠡᠰᠭᠦᠯᠡᠩᠳᠦ ᠰᠠᠶᠢᠬᠠᠨ ᠪᠠᠶᠢᠬᠤ ᠶᠢ ᠬᠠᠮᠵᠢᠯᠴᠠᠭᠤᠯᠤᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠤᠬᠢᠶᠠᠯ ᠳᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠪᠠᠶᠢᠭᠤᠯᠤᠮᠵᠢ ᠶᠢ ᠬᠦᠴᠦᠯᠡᠨ ᠪᠦᠷᠢᠯᠳᠦᠭᠦᠯᠬᠦ ᠬᠡᠷᠡᠭᠲᠡᠢ᠃ | ᠡᠷᠬᠡᠪᠰᠢ ᠠᠵᠤ ᠠᠬᠤᠢ ᠶᠢᠨ ᠳᠡᠯᠡᠬᠡᠶᠢᠵᠢᠯᠲᠡ ᠶᠢᠨ ᠤᠷᠤᠰᠬᠠᠯ ᠢ ᠰᠠᠨᠠᠭᠠᠴᠢᠯᠠᠭ᠎ᠠ ᠠᠴᠠ ᠪᠠᠨ ᠳᠠᠭᠠᠵᠤ᠂ ᠭᠠᠳᠠᠭᠠᠳᠤ | ᠨᠡᠭᠡᠭᠡᠯᠲᠡ ᠶᠢ ᠪᠠᠷᠢᠮᠲᠠᠯᠠᠵᠤ᠂ ᠬᠦᠮᠦᠨ ᠲᠦᠷᠦᠯᠬᠢᠲᠡᠨ ᠤ ᠨᠡᠶᠢᠭᠡᠮ ᠤᠨ ᠡᠭᠦᠳᠦᠨ ᠪᠦᠲᠦᠭᠡᠭᠰᠡᠨ ᠲᠡᠷᠢᠭᠦᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠠᠰᠢᠬᠲᠠᠢ ᠬᠠᠮᠢᠶᠠᠷᠤᠯᠲᠠ ᠶᠢᠨ ᠲᠤᠷᠰᠢᠯᠭ᠎ᠠ ᠶᠢ | ᠭᠦᠢᠴᠡᠳ ᠬᠡᠷᠡᠭᠯᠡᠬᠦ ᠬᠡᠷᠡᠭᠲᠡᠢ᠃ ᠲᠠᠰᠤᠷᠠᠯᠲᠠ ᠦᠭᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠤᠯᠤᠰ ᠤᠨ | ᠲᠤᠳᠤᠭᠠᠳᠤ ᠪᠠ ᠳᠡᠯᠡᠬᠡᠢ ᠶᠢᠨ ᠬᠤᠶᠠᠷ ᠶᠡᠭᠡ ᠲᠠᠯ᠎ᠠ ᠶᠢ ᠡᠵᠡᠮᠳᠡᠬᠦ ᠤᠬᠠᠮᠰᠠᠷᠲᠤ ᠴᠢᠨᠠᠷ ᠪᠤᠯᠤᠨ ᠴᠢᠳᠠᠪᠤᠷᠢ ᠪᠠᠨ | ᠳᠡᠭᠡᠭᠰᠢᠯᠡᠭᠦᠯᠵᠦ᠂ ᠭᠠᠳᠠᠭᠠᠳᠤ ᠨᠡᠭᠡᠭᠡᠯᠲᠡ ᠶᠢᠨ ᠶᠠᠰᠤ ᠴᠢᠨᠠᠷ ᠪᠠ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠵᠤᠬᠢᠶᠠᠯ ᠳᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠬᠦᠴᠦᠯᠡᠨ | ᠦᠢᠯᠡᠳᠦᠯᠭᠡᠵᠢᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ | ᠭᠡᠭᠴᠢ ᠬᠡᠶᠢᠰᠪᠦᠷᠢ᠂ ᠡᠴᠢᠨ᠎ᠠ ᠨᠢᠭᠤᠴᠠᠬᠠᠢ ᠤᠬᠠᠬᠳᠠᠬᠤᠨ ᠪᠢᠰᠢ᠂ ᠵᠦᠪᠬᠡᠨ ᠠᠮᠠᠨ ᠳᠡᠭᠡᠷ᠎ᠡ ᠪᠠᠨ ᠶᠠᠷᠢᠵᠤ᠂ ᠦᠵᠡᠯ | ᠰᠠᠨᠠᠭᠠᠨ ᠤ ᠭᠤᠭᠴᠤᠭ᠎ᠠ ᠳᠡᠭᠡᠷ᠎ᠠ ᠪᠠᠨ ᠵᠤᠬᠰᠤᠩᠭᠤᠶᠢᠷᠠᠵᠤ ᠪᠤᠯᠬᠤ ᠦᠭᠡᠢ᠂ ᠬᠠᠷᠢᠨ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠡᠯ᠎ᠡ ᠭᠤᠬᠴᠤᠭ᠎ᠠ ᠳᠡᠭᠡᠷ᠎ᠡ ᠢᠯᠡᠷᠡᠭᠦᠯᠬᠦ ᠬᠡᠷᠡᠭᠲᠡᠢ᠃ ᠮᠠᠨ ᠤ ᠤᠯᠤᠰ ᠨᠡᠶᠢᠭᠡᠮ ᠵᠢᠷᠤᠮ ᠤᠨ | ᠠᠩᠬᠠᠨ ᠤ ᠱᠠᠲᠤᠨ ᠳᠤ ᠤᠷᠤᠰᠢᠵᠤ ᠪᠠᠶᠢᠭ᠎ᠠ ᠪᠦᠭᠡᠳ ᠤᠷᠲᠤ ᠬᠤᠭᠤᠴᠠᠭ᠎ᠠ ᠪᠠᠷ ᠤᠷᠤᠰᠢᠬᠤ ᠪᠤᠯᠤᠨ᠎ᠠ᠂ ᠪᠢᠳᠠ | ᠤᠳᠤ ᠶᠢᠨ ᠨᠦᠬᠦᠴᠡᠯ ᠢᠶᠠᠨ ᠦᠨᠳᠦᠰᠦᠯᠡᠨ ᠬᠢᠵᠦ ᠳᠡᠶᠢᠯᠬᠦ ᠶᠠᠪᠤᠳᠠᠯ ᠢᠶᠠᠨ ᠴᠢᠳᠠᠯ ᠤᠨ ᠢᠶᠠᠨ ᠬᠢᠷᠢ ᠪᠠᠷ ᠢᠶᠠᠨ ᠬᠢᠵᠤ | ᠡᠬᠢᠯᠡᠵᠦ᠂ ᠪᠠᠭ᠎ᠠ ᠢᠯᠠᠯᠲᠠ ᠪᠠᠷ ᠶᠡᠭᠡ ᠢᠯᠠᠯᠲᠠ ᠶᠢ ᠬᠤᠷᠠᠮᠳᠤᠭᠤᠯᠵᠤ᠂ ᠪᠦᠬᠦ ᠠᠷᠠᠳ ᠢᠶᠠᠷ ᠢᠶᠠᠨ ᠬᠠᠮᠲᠤ ᠪᠠᠷ | ᠴᠢᠨᠡᠭᠡᠯᠢᠭᠵᠢᠬᠦ ᠬᠠᠷᠠᠯᠲᠠ ᠵᠦᠭ ᠲᠠᠰᠤᠷᠠᠯᠲᠠ ᠦᠭᠡᠢ ᠤᠷᠤᠬᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |