5 ᠰᠠᠷ᠎ᠠ ᠶᠢᠨ 15 ᠤ ᠡᠳᠦᠷ ᠮᠠᠨ ᠤ ᠬᠤᠰᠢᠭᠤ ᠤᠯᠤᠰ ᠤᠨ ᠢᠳᠡᠭᠡᠮᠵᠢ ᠶᠢᠨ ᠲᠠᠭᠠᠭᠠᠴᠢᠯᠠᠯᠳᠠ ᠵᠠᠷᠯᠠᠬᠤ | ᠪᠥᠯᠥᠭᠯᠠᠯ ᠤᠨ ᠬᠤᠪᠢ ᠤᠷᠤᠭᠤᠯᠤᠯᠳᠠ ᠶᠢᠨ ᠬᠢᠵᠠᠭᠠᠷᠲᠤ ᠺᠤᠮᠫᠠᠨᠢ ᠶᠢᠨ ᠲᠡᠳ᠋ ᠶᠠᠷᠤᠩᠭᠡᠢ ᠲᠠᠭᠠᠭᠠᠮᠠᠯ ᠢᠤᠢ ᠳ᠋ᠤᠤ | ᠳ᠋ᠧ ᠨᠠᠷ ᠲᠠᠢ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠠᠶᠢᠨ᠎ᠠ ᠃ ᠬᠤᠰᠢᠭᠤ ᠨᠠᠮ ᠤ ᠬᠤᠷᠢᠶᠠᠨ ᠤ ᠱᠥᠵᠢ | ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ | ᠰᠢᠦ᠋ᠩ᠂ ᠯᠢ ᠵᠥᠩ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ | ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠤᠳᠤᠷᠢᠳᠤᠯᠭ᠎ᠠ ᠵᠸᠤ ᠱᠤᠸᠠᠢ᠂ ᠯᠢ ᠬᠤᠩ ᠯᠢᠶᠠᠩ᠂ | ᠼᠣᠣ ᠶᠢᠨ ᠱᠠᠨ᠂ ᠶᠠᠩ ᠵᠦᠩ ᠬᠤᠩ ᠪᠤᠯᠤᠨ ᠡᠯ᠎ᠠ ᠰᠤᠮᠤ ᠪᠠᠯᠭᠠᠰᠤ ᠬᠤᠰᠢᠭᠤ ᠰᠢᠭᠤᠳ ᠬᠠᠷᠢᠶ᠎ᠠ ᠬᠤᠯᠪᠤᠭᠳᠠᠯ | ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠂ ᠲᠠᠭᠠᠭᠠᠴᠢᠯᠠᠯᠳᠠ ᠵᠠᠷᠯᠠᠬᠤ ᠪᠥᠯᠥᠭᠯᠠᠯ ᠤᠨ ᠬᠤᠪᠢ | ᠤᠷᠤᠭᠤᠯᠤᠯᠳᠠ ᠶᠢᠨ ᠬᠢᠵᠠᠭᠠᠷᠲᠤ ᠺᠤᠮᠫᠠᠨᠢ ᠶᠢᠨ ᠲᠤᠰᠬᠠᠢ ᠮᠡᠷᠭᠡᠵᠢᠯᠳᠠᠨ ᠤ ᠪᠥᠯᠭᠦᠮ ᠰᠠᠭᠤᠳᠠᠯ ᠤᠨ ᠬᠤᠷᠠᠯ ᠳᠤ | ᠤᠷᠤᠯᠴᠠᠪᠠ᠃ | | | | | | | ᠬᠤᠷᠠᠯ ᠲᠡᠭᠡᠷ᠎ᠡ᠂ ᠤᠯᠤᠰ ᠤᠨ ᠢᠳᠡᠭᠡᠮᠵᠢ ᠶᠢᠨ ᠲᠠᠭᠠᠭᠠᠴᠢᠯᠠᠯᠳᠠ ᠵᠠᠷᠯᠠᠬᠤ ᠪᠥᠯᠥᠭᠯᠠᠯ ᠤᠨ ᠬᠤᠪᠢ | ᠤᠷᠤᠭᠤᠯᠤᠯᠳᠠ ᠶᠢᠨ ᠬᠢᠵᠠᠭᠠᠷᠲᠤ ᠺᠤᠮᠫᠠᠨᠢ ᠶᠢᠨ ᠲᠡᠳ᠋ ᠶᠠᠷᠤᠩᠭᠡᠢ ᠲᠠᠭᠠᠭᠠᠮᠠᠯ ᠢᠤᠢ ᠳ᠋ᠤᠤ ᠳ᠋ᠧ ︽ᠥᠥᠰᠢᠨ | ᠬᠤᠰᠢᠭᠤᠨ ᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠤᠨ ᠨᠤᠮᠢᠨ ᠲᠠᠩᠰᠤᠭ ᠭᠥᠭᠵᠢᠨ ᠮᠠᠨᠳᠤᠯᠳᠠ ᠶᠢ | ᠪᠠᠶᠠᠯᠠᠭᠦᠯᠭᠦ︾ ᠭᠤᠤᠯ ᠰᠠᠳᠤᠪ ᠤᠨ ᠲᠤᠭᠤᠷᠢᠨ ᠳᠤ ᠬᠠᠷᠢᠭᠤ ᠮᠡᠳᠡᠭᠦᠯᠥᠯᠳᠠ ᠬᠢᠵᠤ᠂ ᠮᠠᠨ ᠤ ᠬᠤᠰᠢᠭᠤᠨ ᠤ ᠠᠵᠤ | ᠠᠬᠤᠢ ᠨᠡᠶᠢᠭᠡᠮ ᠤᠨ ᠡᠯ᠎ᠠ ᠲᠥᠷᠤᠯ ᠤᠨ ᠠᠵᠢᠯ ᠥᠢᠯᠡᠰ ᠲᠠᠬᠢ ᠲᠠᠷᠠᠭᠠᠴᠢ ᠶᠢᠨ ᠠᠯᠬᠤᠮ ᠤᠨ ᠲᠥᠯᠥᠪᠵᠢᠭᠦᠯᠭᠡ | ᠵᠡᠷᠭᠡ ᠠᠭᠤᠯᠭ᠎ᠠ ᠳᠤ ᠲᠤᠪᠴᠢ ᠲᠠᠨᠢᠯᠴᠠᠭᠤᠯᠭ᠎ᠠ ᠭᠢᠵᠤ᠂ ᠥᠥᠰᠢᠨ ᠬᠤᠰᠢᠭᠤᠨ ᠤ ᠴᠢᠨᠠᠷ ᠰᠠᠶᠢᠳᠠᠢ ᠭᠥᠭᠵᠢᠯᠳᠠ | ᠶᠢᠨ ᠲᠥᠯᠥᠪᠵᠢᠭᠦᠯᠭᠡ᠂ ᠰᠢᠷᠬᠤᠰᠤᠨ ︽ᠨᠢᠭᠡ ᠭᠤᠤᠯ ᠭᠤᠷᠪᠠᠨ ᠴᠡᠴᠡᠷᠯᠢᠭ︾ ᠤᠨ ᠵᠤᠭᠠᠴᠠᠯ ᠤᠨ ᠶᠠᠷᠤᠩᠭᠡᠢ | ᠴᠤᠭᠴᠠ᠂ ᠥᠥᠰᠢᠨᠵᠤᠤ ᠶᠢᠨ ᠮᠠᠯᠵᠢᠬᠤ ᠳ᠋ᠠᠵᠠᠢ ᠶᠢᠨ ᠵᠤᠭᠠᠴᠠᠯ ᠤᠨ ᠶᠠᠷᠤᠩᠭᠡᠢ ᠴᠤᠭᠴᠠ᠂ ᠮᠤᠷᠢᠨ ᠬᠤᠭᠤᠷ ᠤᠨ | ᠦᠪᠡᠷᠮᠢᠴᠡ ᠤᠨᠴᠠᠯᠢᠭᠳᠤ ᠪᠠᠯᠭᠠᠰᠤ᠂ ᠪᠥᠭᠦ ᠤᠷᠤᠨ ᠪᠦᠰᠡ ᠶᠢᠨ ᠵᠢᠭᠤᠯᠴᠢᠯᠠᠯ᠂ ᠡᠯ᠎ᠠ ᠰᠤᠮᠤ ᠪᠠᠯᠭᠠᠰᠤᠨ ᠤ | ᠬᠤᠯᠪᠤᠭᠳᠠᠯ ᠪᠥᠭᠦᠢ ᠲᠥᠷᠤᠯ ᠵᠥᠢᠯ ᠤᠨ ᠲᠦᠰᠦᠪ᠂ ᠲᠦᠬᠦᠭᠡᠷᠦᠮᠵᠢᠲᠤ ᠲᠠᠷᠢᠶᠠᠯᠠᠩ ᠤᠨ ᠬᠤᠳᠠᠯᠳᠤᠭᠠᠴᠢᠨ ᠢ | ᠤᠷᠢᠬᠤ ᠵᠠᠷᠭᠡ 7 ᠲᠠᠯ᠎ᠠ ᠪᠠᠷ ᠰᠤᠯᠢᠯᠴᠠᠭ᠎ᠠ ᠶᠠᠷᠢᠯᠴᠠᠭ᠎ᠠ ᠥᠷᠨᠢᠭᠦᠯᠪᠡ᠃ | ᠬᠤᠷᠠᠯ ᠲᠡᠭᠡᠷ᠎ᠡ᠂ ᠡᠷᠳᠡᠨᠢᠪᠢᠯᠢᠭ ᠤᠯᠤᠰ ᠤᠨ ᠢᠳᠡᠭᠡᠮᠵᠢ ᠶᠢᠨ ᠲᠠᠭᠠᠭᠠᠴᠢᠯᠠᠯᠳᠠ ᠵᠠᠷᠯᠠᠬᠤ ᠪᠥᠯᠥᠭᠯᠠᠯ ᠤᠨ | ᠬᠤᠪᠢ ᠤᠷᠤᠭᠤᠯᠤᠯᠳᠠ ᠶᠢᠨ ᠬᠢᠵᠠᠭᠠᠷᠲᠤ ᠺᠤᠮᠫᠠᠨᠢ ᠶᠢᠨ ᠲᠠᠪᠠᠭᠤᠯᠢᠭ ᠥᠢᠯᠡᠳᠤᠯ ᠢᠶᠠᠨ ᠭᠥᠢᠴᠠᠳ ᠪᠠᠳᠠᠷᠠᠭᠤᠯᠵᠤ ︽ | ᠥᠥᠰᠢᠨ ᠬᠤᠰᠢᠭᠤᠨ ᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠤᠨ ᠨᠤᠮᠢᠨ ᠲᠠᠩᠰᠤᠭ ᠭᠥᠭᠵᠢᠨ ᠮᠠᠨᠳᠤᠯᠳᠠ ᠶᠢ | ᠪᠠᠶᠠᠯᠠᠭᠦᠯᠭᠦ︾ ᠰᠠᠳᠭᠢᠴᠠ ᠬᠠᠷᠠᠯᠳᠠ ᠶᠢᠨ ᠲᠤᠭᠤᠷᠢᠨ ᠳᠤ ᠥᠥᠰᠢᠨ ᠬᠤᠰᠢᠭᠤᠨ ᠤ ᠭᠥᠭᠵᠢᠯᠳᠠ ᠶᠢᠨ ᠪᠤᠳᠠᠳᠤ | ᠪᠠᠶᠢᠳᠠᠯ ᠢ ᠥᠨᠳᠤᠰᠤᠯᠠᠨ ᠪᠤᠳᠠᠳᠠᠢ ᠰᠠᠨᠠᠯ ᠲᠤᠷᠠᠳᠴᠤ ᠴᠢᠭᠯᠡᠯᠳᠤ ᠴᠢᠨᠠᠷ ᠲᠠᠢ ᠪᠠᠷ ᠨᠢᠭᠡ ᠪᠥᠯᠥᠭ ᠲᠤᠷᠰᠢᠯᠭ᠎ᠠ ᠲᠠᠢ | ᠪᠤᠳᠠᠳᠤ ᠭᠥᠴᠤᠨ ᠲᠠᠢ ᠲᠤᠰᠬᠠᠢ ᠮᠡᠷᠭᠡᠵᠢᠯᠳᠠᠨ ᠢ ᠤᠷᠤᠭᠤᠯᠤᠨ ᠠᠪᠴᠢᠷᠠᠵᠤ ᠪᠥᠭᠦ ᠬᠤᠰᠢᠭᠤᠨ ᠤ ᠠᠵᠤ ᠠᠬᠤᠢ | ᠨᠠᠶᠢᠭᠡᠮ ᠤᠨ ᠭᠥᠭᠵᠢᠯᠳᠠ ᠶᠢᠨ ᠪᠠᠶᠢᠯᠳᠤᠬᠤ ᠪᠤᠳᠤᠯᠭ᠎ᠠ᠂ ᠲᠥᠯᠥᠪᠯᠡᠭᠡ ᠲᠥᠯᠥᠪᠵᠢᠭᠦᠯᠭᠡ᠂ ᠲᠥᠷᠥ ᠶᠢᠨ | ᠪᠤᠳᠤᠯᠭ᠎ᠠ ᠠᠷᠭ᠎ᠠ ᠭᠡᠮᠵᠢᠶ᠎ᠠ ᠵᠠᠷᠭᠡ ᠲᠠᠯ᠎ᠠ ᠳᠤ ᠠᠰᠠᠭᠤᠨ ᠯᠠᠪᠯᠠᠯᠳᠠ ᠭᠢᠭᠦ ᠶᠢ ᠭᠥᠰᠡᠵᠤ ᠪᠠᠶᠢᠨ᠎ᠠ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠤᠳᠤᠬᠠᠨ ᠳᠤ ᠥᠥᠰᠢᠨ ᠬᠤᠰᠢᠭᠤ ᠶᠡᠭᠡ ᠭᠥᠭᠵᠢᠯᠳᠠ ᠶᠢᠨ ᠵᠠᠩᠭᠢᠯᠠᠭ᠎ᠠ | ᠶᠢᠨ ᠱᠠᠳᠤᠨ ᠳᠤ ᠤᠷᠤᠰᠢᠵᠤ ᠪᠠᠶᠢᠨ᠎ᠠ᠂ ᠡᠯ᠎ᠠ ᠰᠠᠯᠠᠭ᠎ᠠ ᠮᠥᠴᠢᠷ ᠤᠯᠤᠰ ᠲᠥᠷᠥ ᠶᠢᠨ ᠵᠤᠭᠰᠤᠴᠠ ᠪᠠᠨ ᠥᠨᠠᠠᠭᠦ | ᠲᠡᠭᠡᠭᠰᠢᠯᠠᠭᠦᠯᠤᠨ ᠰᠢᠨ᠎ᠠ ᠭᠥᠭᠵᠢᠯᠳᠠ ᠶᠢᠨ ᠤᠶᠢᠯᠠᠭᠠᠭᠳᠠᠬᠤᠨ ᠢ ᠭᠥᠨᠵᠡᠭᠡᠢ ᠲᠤᠭᠤᠰᠢᠯᠠᠭᠤᠯᠵᠤ ᠨᠠᠷᠢᠨ ᠬᠢᠨᠠᠮᠠᠭᠠᠢ | ᠰᠤᠳᠤᠯᠤᠯᠳᠠ ᠭᠢᠵᠤ ᠢᠳᠡᠪᠭᠢᠳᠠᠢ ᠬᠠᠮᠵᠢᠯᠴᠠᠨ ᠬᠤᠯᠪᠤᠭᠳᠠᠯ ᠪᠥᠭᠦᠢ ᠠᠵᠢᠯ ᠢ ᠰᠠᠶᠢᠨ ᠭᠢᠵᠤ ᠡᠯ᠎ᠠ ᠲᠥᠷᠤᠯ ᠤᠨ | ᠠᠵᠢᠯ ᠤᠨ ᠲᠥᠷᠭᠡᠨ ᠡᠬᠢᠯᠡᠬᠦᠯᠬᠦ ᠬᠡᠷᠡᠭᠲᠠᠢ ᠭᠡᠵᠡᠢ᠃ | | | | | | | ᠰᠠᠭᠤᠳᠠᠯ ᠤᠨ ᠬᠤᠷᠠᠯ ᠤᠨ ᠲᠠᠷᠠᠭ᠎ᠠ ᠡᠷᠳᠡᠨᠢᠪᠢᠯᠢᠭ ᠤᠯᠤᠰ ᠤᠨ ᠢᠳᠡᠭᠡᠮᠵᠢ ᠶᠢᠨ ᠲᠠᠭᠠᠭᠠᠴᠢᠯᠠᠯᠳᠠ ᠵᠠᠷᠯᠠᠬᠤ | ᠪᠥᠯᠥᠭᠯᠠᠯ ᠤᠨ ᠬᠤᠪᠢ ᠤᠷᠤᠭᠤᠯᠤᠯᠳᠠ ᠶᠢᠨ ᠭᠢᠵᠠᠷᠭᠠᠳᠤ ᠺᠤᠮᠫᠠᠨᠢ ᠶᠢᠨ ᠬᠢᠨ ᠢ ᠲᠠᠭᠠᠭᠤᠯᠤᠨ ᠥᠥᠰᠢᠨᠵᠤᠤ ᠶᠢᠨ | ᠮᠠᠯᠵᠢᠬᠤ ᠳ᠋ᠠᠵᠠᠢ ᠶᠢᠨ ᠮᠥᠽᠸᠢ᠂ ᠥᠥᠰᠢᠨᠵᠤᠤ ᠰᠥᠮ᠎ᠠ᠂ ᠦᠤᠰᠢᠨᠵᠤᠤ ᠭᠠᠴᠠᠭ᠎ᠠ ᠵᠠᠷᠭᠡ ᠭᠠᠵᠠᠷ ᠢᠶᠠᠷ ᠰᠢᠨᠵᠢᠯᠠᠨ | ᠪᠠᠶᠢᠴᠠᠭᠠᠯᠳᠠ ᠭᠢᠭᠰᠡᠨ ᠪᠠᠶᠢᠨ᠎ᠠ᠃ |