5 ᠰᠠᠷ᠎ᠠ ᠶᠢᠨ 16 ᠤ ᠡᠳᠦᠷ ᠂ ᠪᠦᠬᠦ ᠬᠤᠰᠢᠭᠤᠨ ᠤ ᠮᠦᠩᠬᠦᠨ ᠬᠦᠢᠯᠬᠡᠬᠡᠨ ᠤ ᠴᠠᠷᠠᠭᠠᠨ ᠳᠠᠬᠢ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠠᠵᠢᠯ ᠤᠨ ᠳᠠᠶᠢᠴᠢᠯᠠᠯᠳᠠ ᠶᠢᠨ ᠬᠤᠷᠠᠯ | ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠵᠠᠰᠠᠭ ᠤᠨ ᠣᠷᠳᠣᠨ ᠤ | ᠠᠯᠪᠠᠨ ᠬᠡᠷ᠂ ᠮᠦᠩᠬᠦᠨ ᠬᠦᠢᠯᠬᠡᠬᠡᠨ ᠤ ᠠᠯᠪᠠᠨ ᠬᠡᠷ᠂ ᠳᠣᠳᠣᠭᠠᠲᠣ ᠶᠢ ᠬᠠᠮᠠᠭᠠᠯᠠᠬᠤ ᠳᠣᠪᠴᠢᠶ᠎ᠠ᠂ ᠵᠠᠬ᠎ᠠ | ᠳᠡᠯᠬᠡᠬᠦᠷ ᠤᠨ ᠬᠢᠨᠠᠨ ᠬᠠᠮᠢᠶᠠᠷᠣᠯᠳᠠ ᠶᠢᠨ ᠳᠣᠪᠴᠢᠶ᠎ᠠ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠠᠯᠪᠠᠨ ᠭᠡᠷ ᠵᠢᠴᠢ ᠡᠯ᠎ᠡ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢᠨ ᠭᠤᠣᠯ ᠬᠠᠷᠢᠭᠤᠴᠠᠯᠭᠠᠳᠠᠨ ᠬᠤᠷᠠᠯ ᠳᠤ | ᠣᠷᠣᠯᠴᠠᠪᠠ᠃ | ᠬᠤᠷᠠᠯ ᠲᠡᠭᠡᠷ᠎ᠡ᠂ ᠪᠦᠬᠦ ᠬᠤᠰᠢᠭᠤᠨ ᠤ ᠮᠦᠩᠬᠦᠨ ᠬᠦᠢᠯᠬᠡᠬᠡᠨ ᠤ ᠴᠠᠷᠠᠭᠠᠨ ᠳᠠᠬᠢ ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠪᠠ ᠪᠠᠩᠬᠢ ᠶᠢᠨ ᠰᠢᠰᠲ᠋ᠧᠮ ᠤᠨ ᠬᠠᠷ᠎ᠠ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ ᠠᠵᠢᠯ ᠳᠤ ᠪᠠᠶᠢᠷᠢᠯᠠᠭᠤᠯᠣᠯᠲᠠ ᠬᠢᠪᠡ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠰᠠᠯᠠᠭ᠎ᠠ ᠮᠦᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ︽ | ᠨᠢᠬᠡ ᠬᠠᠷᠠᠯᠳᠠ︾ ᠶᠢᠨ ᠳᠣᠭᠤᠷᠢᠨ ᠳᠤ ︽ᠳᠦᠷᠪᠡᠨ ᠦᠨᠳᠦᠰᠦᠨ ᠵᠠᠷᠴᠢᠮ︾ ᠢ ᠪᠠᠷᠢᠮᠳᠠᠯᠠᠵᠦ ︽ᠭᠤᠷᠪᠠᠨ ᠵᠦᠢᠯ | ᠤᠨ ᠠᠷᠭ᠎ᠠ ᠪᠠᠷᠢᠯ︾ ᠢ ᠲᠤᠭᠤᠰᠢᠯᠠᠭᠤᠯᠤᠨ ᠣᠯᠣᠰ ᠳᠦᠷᠦ ᠶᠢᠨ ᠵᠣᠭᠰᠣᠴᠠ ᠪᠠᠨ ᠳᠡᠭᠡᠭᠰᠢᠯᠡᠬᠦᠯᠵᠦ ᠠᠵᠢᠯ ᠤᠨ | ᠭᠤᠣᠯᠳᠠᠯᠭ᠎ᠠ ᠪᠠᠨ ᠳᠣᠪᠣᠶᠢᠯᠭᠠᠨ ᠵᠠᠩᠬᠢᠯᠠᠭ᠎ᠠ ᠶᠢᠨ ᠬᠦᠷᠢᠶ᠎ᠡ ᠴᠠᠷᠠᠭ᠎ᠠ ᠶᠢ ᠠᠩᠬᠠᠷᠴᠦ ᠮᠦᠩᠬᠦᠨ ᠬᠦᠢᠯᠬᠡᠬᠡᠨ ᠤ | ᠴᠠᠷᠠᠭᠠᠨ ᠳᠠᠬᠢ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠦᠴᠦᠳᠡᠢ ᠴᠣᠬᠢᠯᠳᠠ ᠦᠭᠴᠦ ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ ᠳᠡᠮᠡᠴᠡᠯ ᠤᠨ ᠢᠯᠡᠯᠳᠡ ᠶᠢ ᠣᠯᠵᠦ ᠪᠦᠬᠦ ᠬᠤᠰᠢᠭᠤᠨ ᠤ ᠠᠵᠣ ᠠᠬᠤᠢ ᠨᠡᠶᠢᠬᠡᠮ | ᠤᠨ ᠬᠦᠭᠵᠢᠯᠲᠡ ᠳᠤ ᠠᠮᠣᠷ ᠳᠦᠪᠰᠢᠨ ᠮᠦᠩᠬᠦᠨ ᠬᠦᠢᠯᠬᠡᠬᠡᠨ ᠤ ᠣᠷᠴᠢᠨ ᠢ ᠪᠦᠷᠢᠯᠳᠦᠬᠦᠯᠵᠦ ᠦᠦᠰᠢᠨ | ᠬᠤᠰᠢᠭᠤᠨ ᠤ ᠴᠢᠨᠠᠷ ᠰᠠᠶᠢᠳᠠᠢ ᠬᠦᠭᠵᠢᠯᠲᠡ ᠪᠠ ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠡᠶᠡᠯᠡᠬᠦᠯᠬᠦ ᠳᠤ | ᠬᠤᠪᠢ ᠨᠡᠮᠡᠷᠢ ᠪᠠᠨ ᠦᠵᠡᠬᠦᠯᠬᠦ ᠬᠡᠷᠡᠭᠲᠠᠢ ᠬᠡᠪᠡ᠃ |