ᠲᠠᠯ᠎ᠠ ᠶᠢᠨ ᠤᠰᠤ ᠭᠠᠴᠠᠭᠠᠨ ᠤ ᠲᠤᠭᠳᠠᠭᠤᠨ ᠬᠦᠭᠵᠢᠯᠲᠡ
ᠨᠡᠶᠢᠲᠡᠯᠡᠭᠰᠡᠨ ᠴᠠᠭ᠄
2019-05-23
     ᠦᠢᠷ᠎ᠠ ᠶᠢᠨ ᠵᠢᠯ ᠠᠴᠠ ᠮᠠᠨ ᠤ ᠬᠤᠰᠢᠭᠤ ᠪᠤᠬᠢᠷᠲᠤᠯ ᠦᠭᠡᠢ ᠬᠦᠭᠵᠢᠯᠲᠡ ᠶᠢᠨ ᠲᠠᠨᠢᠯᠲᠠ ᠶᠢ ᠪᠤᠢ ᠪᠤᠯᠭᠠᠨ᠂ ᠠᠮᠢ ᠠᠬᠤᠢ ᠶᠢᠨ ᠪᠤᠯᠪᠠᠰᠤᠨ ᠤ ᠲᠤᠭᠲᠠᠯᠴᠠᠭ᠎ᠠ ᠶᠢᠨ ᠰᠢᠰᠲ᠋ᠧᠮ ᠢ ᠲᠡᠭᠦᠯᠲᠡᠷᠵᠢᠭᠦᠯᠵᠦ᠂ ᠠᠮᠢ ᠠᠬᠤᠢ ᠶᠢᠨ ᠪᠤᠯᠪᠠᠰᠤᠨ ᠤ ᠬᠠᠮᠠᠭᠠᠯᠠᠯᠲᠠ ᠶᠢᠨ ᠠᠵᠢᠯ ᠨᠢ ᠲᠦᠷᠢᠮᠵᠢᠭᠰᠡᠨ᠂ ᠪᠠᠷᠢᠮᠵᠢᠶᠠᠵᠢᠭᠰᠠᠨ᠂ ᠰᠢᠨᠵᠢᠯᠡᠬᠦ ᠤᠬᠠᠭᠠᠨᠵᠢᠭᠰᠠᠨ ᠨᠤᠮᠢᠨ ᠲᠠᠩᠰᠤᠭ ᠦᠤᠰᠢᠨ ᠤ ᠰᠢᠨ᠎ᠡ ᠴᠠᠭ ᠦᠶ᠎ᠡ ᠶᠢᠨ ︽ᠨᠤᠮᠢᠨ ᠲᠠᠩᠰᠤᠭ ᠬᠦᠭᠵᠢᠨ ᠮᠠᠨᠲᠤᠯᠲᠠ︾ ᠶᠢᠨ ᠠᠯᠬᠤᠭ᠎ᠠ ᠪᠠᠷ ᠠᠯᠬᠤᠭᠰᠠᠨ ᠪᠠᠶᠢᠨ᠎ᠠ᠃      ᠡᠨᠡ ᠬᠦ ᠰᠠᠭᠤᠷᠢᠨ ᠲᠡᠭᠡᠷ᠎ᠡ ᠲᠠᠯ᠎ᠠ ᠶᠢᠨ ᠤᠰᠤ ᠭᠠᠴᠠᠭ᠎ᠠ ᠨᠢ ᠠᠮᠢ ᠠᠬᠤᠢ ᠶᠢᠨ ᠬᠠᠮᠠᠭᠠᠯᠠᠯᠲᠠ ᠶᠢᠨ ᠲᠦᠷᠦ ᠶᠢᠨ ᠪᠤᠲᠤᠯᠭ᠎ᠠ᠂ ᠠᠷᠭ᠎ᠠ ᠠᠪᠴᠠᠯ ᠢ ᠲᠠᠰᠤᠷᠠᠯᠲᠠ ᠦᠭᠡᠢ ᠤᠠᠬᠠᠭᠤᠯᠤᠨ ᠲᠡᠭᠦᠯᠲᠡᠷᠵᠢᠭᠦᠯᠦᠭᠰᠡᠨ ᠠᠴᠠ ᠮᠠᠯᠴᠢᠳ ᠤᠨ ᠠᠮᠢ ᠠᠬᠤᠢ ᠶᠢᠨ ᠥᠵᠡᠯᠲᠡ ᠲᠠᠨᠢᠯᠲᠠ ᠦᠨᠲᠦᠷᠵᠢᠵᠦ᠂ ᠬᠦᠲᠡᠭᠡ ᠠᠵᠦ ᠠᠬᠤᠢ ᠳᠠᠭᠠᠨ ᠲᠤᠬᠢᠷᠠᠭᠤᠯᠤᠯᠲᠠ ᠬᠢᠵᠦ ᠠᠮᠢ ᠠᠬᠤᠢ ᠶᠢᠨ ᠲᠠᠩᠴᠡᠭᠦᠷᠢ ᠶᠢ ᠪᠠᠲᠤᠯᠠᠵᠦ ᠪᠠᠶᠢᠨ᠎ᠠ᠃ ᠰᠦᠯᠲᠠ ᠰᠤᠮᠤᠨ ᠤ ᠲᠠᠯ᠎ᠠ ᠶᠢᠨ ᠤᠰᠤ ᠭᠠᠴᠠᠭᠠᠠ ᠤ ᠤᠷᠲᠤᠨᠠᠰᠤᠨ ᠪᠤᠯ ᠮᠠᠯ ᠠᠵᠦ ᠠᠬᠤᠢ ᠶᠢᠨ ᠪᠦᠲᠦᠴᠡ ᠳᠡᠭᠡᠨ ᠲᠤᠬᠢᠷᠠᠭᠤᠯᠤᠯᠲᠠ ᠬᠢᠵᠦ᠂ ᠠᠵᠦ ᠠᠬᠤᠢ ᠪᠤᠯᠤᠨ ᠠᠮᠢ ᠠᠬᠤᠢ ᠶᠢᠨ ᠬᠤᠤᠰ ᠠᠰᠢᠭ ᠢ ᠬᠦᠷᠲᠡᠭᠰᠡᠨ ᠮᠠᠯᠴᠢᠨ ᠤ ᠨᠢᠭᠡ ᠪᠤᠯᠤᠨ᠎ᠠ᠃ ᠤᠷᠳᠤᠨᠠᠰᠤᠨ ᠤ ᠬᠢᠨ ᠤᠤᠯ ᠳᠠᠭᠠᠨ ᠬᠤᠨᠢ ᠮᠠᠯᠵᠢᠬᠤ ᠪᠠᠷ ᠭᠤᠤᠯᠯᠠᠵᠦ᠂ ᠨᠤᠲᠤᠭ ᠪᠠᠯᠴᠢᠭᠡᠷ ᠨᠢ ᠡᠯᠡᠰᠤᠨ ᠳᠤ ᠪᠠᠶᠢᠷᠢᠯᠠᠵᠦ ᠪᠠᠶᠢᠭ᠎ᠠ ᠪᠤᠯᠬᠤᠷ ᠨᠤᠲᠤᠭ ᠪᠠᠯᠴᠢᠭᠡᠷ ᠢᠶᠠᠨ ᠬᠡᠷᠬᠢᠨ ᠬᠠᠮᠠᠭᠠᠯᠠᠬᠤ ᠨᠢ ᠲᠡᠭᠦᠨ ᠳᠤ ᠠᠪᠴᠤ ᠬᠡᠯᠡᠪᠠᠯ ᠬᠠᠮᠤᠭ ᠤᠨ ᠤᠠᠬᠠᠭᠠᠨ ᠵᠠᠷᠤᠴᠠᠭᠤᠯᠬᠤ ᠠᠵᠢᠯ ᠪᠠᠶᠢᠯ᠎ᠠ᠃ ᠡᠶᠢᠨ ᠬᠦ ᠲᠡᠷᠡ ᠬᠡᠲᠦᠨ ᠵᠢᠯ ᠤᠨ ᠡᠮᠤᠨ᠎ᠡ ᠨᠤᠲᠤᠭ ᠪᠠᠯᠴᠢᠭᠡᠷ ᠲᠡᠭᠡᠨ ᠲᠤᠬᠢᠷᠠᠭᠤᠯᠤᠯᠲᠠ ᠬᠢᠵᠦ᠂ ᠨᠤᠲᠤᠭ ᠪᠠᠯᠴᠢᠭᠡᠷ ᠤᠨ ᠲᠠᠷᠤᠭᠠᠰᠤ ᠶᠢ ᠬᠦᠭᠭᠡᠷᠡᠭᠦᠯᠬᠦ ᠶᠢᠨ ᠲᠤᠰᠠᠲᠠ᠂ ᠪᠤᠷᠤ ᠴᠠᠷᠭᠠᠰᠤ ᠲᠠᠷᠢᠵᠦ ᠵᠢᠯ ᠤᠨ ᠬᠤᠶᠠᠷ ᠤᠲᠠᠭ᠎ᠠ ᠬᠤᠷᠢᠶᠠᠨ ᠠᠪᠴᠤ᠂ ᠬᠠᠪᠤᠷ ᠤᠨ ᠬᠡᠲᠤᠨ ᠰᠠᠷ᠎ᠠ ᠶᠢᠨ ᠬᠠᠰᠢᠶᠠᠯᠠᠨ ᠲᠡᠵᠢᠭᠡᠬᠦ ᠮᠠᠯ ᠤᠨ ᠲᠠᠵᠢᠭᠡᠯ ᠡᠪᠡᠰᠤᠨ ᠤ ᠬᠠᠩᠭᠠᠯᠲᠠ ᠶᠢ ᠬᠦᠢᠴᠠᠳ ᠪᠤᠯᠭᠠᠬᠤ ᠶᠢᠨ ᠬᠠᠮᠲᠤ ᠨᠤᠲᠤᠭ ᠪᠠᠯᠴᠢᠭᠡᠷ ᠤᠨ ᠲᠠᠩᠴᠡᠭᠦᠷᠢ ᠶᠢ ᠴᠤ ᠪᠠᠲᠤᠯᠠᠭᠰᠠᠨ ᠪᠠᠶᠢᠨ᠎ᠠ᠃      ᠲᠠᠯ᠎ᠠ ᠶᠢᠨ ᠤᠰᠤ ᠭᠠᠴᠠᠭ᠎ᠠ ᠨᠢ ᠲᠡᠭᠡᠷ᠎ᠡ ᠱᠠᠲᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠭᠠᠪᠤᠷᠢ ᠱᠤᠭᠤᠮ ᠢ ᠵᠦᠪ ᠤᠨᠤᠪᠴᠢᠲᠡᠢ ᠨᠠᠶᠢᠲᠠᠪᠤᠷᠢᠵᠢᠭᠤᠯᠵᠦ᠂ ᠰᠢᠨᠵᠢᠯᠡᠬᠦ ᠤᠠᠬᠠᠭᠠᠨᠴᠢ ᠪᠠᠷ ᠮᠠᠯ ᠲᠠᠷᠢᠶᠠᠯᠠᠩ ᠢ ᠤᠷᠭᠠᠨᠢᠭ ᠢᠶᠠᠷ ᠤᠶᠠᠯᠲᠤᠭᠤᠯᠤᠭᠰᠠᠨ ᠠᠴᠠ ᠮᠠᠯᠴᠢᠳ ᠤᠨ ᠤᠷᠤᠯᠭ᠎ᠠ ᠨᠡᠮᠡᠭᠲᠡᠬᠦ ᠶᠢᠨ ᠬᠠᠮᠲᠤ ᠠᠮᠢ ᠠᠬᠤᠢ ᠶᠢ ᠰᠡᠷᠭᠦᠭᠡᠵᠦ᠂ ᠨᠤᠲᠤᠭ ᠪᠡᠯᠴᠢᠭᠡᠷ ᠤᠨ ᠲᠡᠩᠴᠡᠬᠦᠷᠢ ᠶᠢ ᠴᠤ ᠪᠠᠲᠤᠯᠠᠭᠰᠠ ᠢᠶᠠᠷ ᠪᠠᠷᠠᠬᠤ ᠦᠭᠡᠢ ᠬᠤᠲᠠ ᠬᠤᠰᠢᠭᠤ ᠶᠢᠨ ︽ᠮᠠᠯ ᠠᠵᠦ ᠠᠬᠤᠢ ᠶᠢᠨ ᠤᠲᠤᠬᠢᠴᠢᠯᠠᠭᠰᠠᠨ ᠡᠷᠦᠬᠡ︾᠂ ︽ᠲᠠᠷᠢᠶᠠᠯᠠᠩ ᠠᠵᠦ ᠠᠬᠤᠢ ᠶᠢᠨ ᠮᠠᠰᠢᠨᠴᠢᠯᠠᠭᠰᠠᠨ ᠡᠷᠦᠬᠡ︾᠂ ︽ᠲᠠᠵᠢᠭᠡᠯ ᠡᠪᠡᠰᠤᠨ ᠤ ᠰᠠᠭᠤᠷᠢᠨ ᠭᠠᠵᠠᠷ︾ ᠵᠡᠷᠭᠡ ᠤᠯᠠᠨ ᠠᠷᠪᠢᠨ ᠡᠷᠦᠬᠡ ᠶᠢ ᠵᠤᠷᠢᠭᠵᠢᠭᠤᠯᠤᠨ ᠵᠢᠯᠤᠭᠤᠲᠤᠭᠰᠠᠨ ᠪᠠᠶᠢᠨ᠎ᠠ᠃ ᠤᠷᠴᠢᠮ ᠤᠨ ᠬᠡᠲᠦᠨ ᠵᠢᠯ ᠠᠴᠠ ᠭᠠᠴᠠᠭ᠎ᠠ ᠨᠠᠮ ᠤᠨ ᠡᠭᠦᠷ᠂ ᠭᠠᠴᠠᠭ᠎ᠠ ᠵᠦᠪᠯᠠᠯ ᠠᠴᠠ ᠮᠠᠯᠴᠢᠨ ᠲᠦᠮᠡᠨ ᠳᠤ ︽ᠤᠡᠭᠭᠤᠨ ᠲᠠᠷᠬᠠᠨ ᠪᠠᠶᠢᠭᠠᠯᠢ ᠪᠤᠯ ᠥᠨᠡᠯᠡᠰᠢ ᠥᠭᠡᠢ ᠥᠪ ᠡᠷᠲᠡᠨᠢ︾ ᠭᠡᠬᠦ ᠲᠠᠨᠢᠯᠲᠠ ᠶᠢ ᠲᠠᠰᠤᠷᠠᠯᠲᠠ ᠦᠭᠡᠢ ᠲᠡᠭᠡᠭᠰᠢᠯᠡᠭᠦᠯᠬᠦ ᠶᠢᠨ ᠬᠠᠮᠲᠤ ᠤᠯᠤᠰ ᠤᠨ ᠭᠠᠵᠠᠷ ᠰᠢᠷᠦᠢ᠂ ᠤᠢ ᠮᠤᠲᠤ ᠶᠢ ᠬᠠᠤᠯᠢ ᠶᠤᠰᠤᠭᠠᠷ ᠡᠵᠡᠩᠨᠡᠭᠦᠯᠦᠨ ᠲᠠᠭᠠᠭᠠᠴᠢᠯᠠᠵᠦ᠂ ᠨᠤᠲᠤᠭ ᠪᠠᠯᠴᠢᠭᠡᠷ ᠤᠨ ᠠᠮᠢ ᠠᠬᠤᠢ ᠶᠢᠨ ᠲᠠᠩᠴᠡᠭᠦᠷᠢ ᠶᠢ ᠪᠠᠲᠤᠯᠠᠬᠤ ᠤᠷᠢᠶᠠᠯᠠᠭ᠎ᠠ ᠶᠢ ᠰᠠᠶᠢᠲᠤᠷ ᠬᠢᠵᠦ᠂ ᠪᠡᠯᠴᠢᠭᠡᠷ ᠨᠤᠲᠤᠭ ᠤᠨ ᠤᠷᠭᠤᠮᠠᠯ ᠤᠨ ᠪᠦᠷᠬᠦᠴᠡ ᠶᠢ ᠶᠡᠭᠡ ᠪᠠᠷ ᠬᠠᠮᠠᠭᠠᠯᠠᠭᠰᠠᠨ ᠪᠠᠶᠢᠨ᠎ᠠ᠃ ᠲᠤᠰ ᠭᠠᠴᠠᠭ᠎ᠠ ᠨᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠦ ᠤᠷᠴᠢᠮ ᠤᠨ ᠬᠡᠲᠤᠨ ᠵᠢᠯ ᠬᠦᠮᠦᠨ ᠤ ᠬᠦᠴᠦ ᠪᠠᠷ 1.2 ᠲᠦᠮᠡᠨ ᠮᠤ᠋ ᠡᠯᠡᠰᠤ ᠶᠢ ᠰᠢᠨ᠎ᠡ ᠪᠠᠷ ᠦᠢᠵᠢᠭᠤᠯᠤᠨ ᠲᠠᠷᠢᠭᠠᠳ ᠤᠷᠭᠤᠴᠠ ᠶᠢᠨ ᠪᠠᠶᠢᠲᠠᠯ ᠨᠠᠯᠢᠶᠠᠳ ᠰᠠᠶᠢᠨ ᠪᠠᠶᠢᠯ᠎ᠠ᠃      ᠲᠠᠯ᠎ᠠ ᠶᠢᠨ ᠤᠰᠤ ᠭᠠᠴᠠᠭᠠᠨ ᠤ ᠭᠠᠴᠠᠭᠠᠨ ᠲᠠᠷᠤᠭ᠎ᠠ ᠲᠤᠷᠵᠢ᠄ ︽ᠮᠠᠨ ᠤ ᠭᠠᠴᠠᠭ᠎ᠠ ᠨᠢ ᠬᠤᠰᠢᠭᠤ ᠪᠤᠯᠤᠨ ᠰᠤᠮᠤᠨ ᠤ ᠪᠤᠲᠠᠲᠤ ᠪᠠᠶᠢᠲᠠᠯ ᠲᠠᠢ ᠤᠶᠠᠯᠲᠤᠭᠤᠯᠤᠨ᠂ ᠨᠤᠲᠤᠭ ᠪᠠᠯᠴᠢᠭᠡᠷ ᠪᠤᠯᠤᠨ ᠠᠮᠢ ᠠᠬᠤᠢ ᠶᠢᠨ ᠶᠠᠷᠦᠩᠬᠡᠶᠢᠯᠡᠭᠰᠡᠨ ᠬᠠᠮᠠᠭᠠᠯᠠᠯᠲᠠ ᠢ ᠴᠢᠩᠭᠠᠳᠬᠠᠬᠤ ᠠᠵᠢᠯ ᠢ ᠰᠠᠶᠢᠲᠤᠷ ᠬᠢᠵᠦ᠂ ᠨᠤᠲᠤᠭ ᠪᠠᠯᠴᠢᠭᠡᠷ ᠤᠨ ᠰᠡᠷᠭᠦᠬᠡᠯᠲᠡ ᠶᠢᠨ ᠦᠷ᠎ᠡ ᠪᠦᠲᠦᠮᠵᠢ ᠶᠢ ᠪᠠᠲᠤᠵᠢᠭᠤᠯᠵᠦ ᠪᠦᠬᠦ ᠬᠤᠰᠢᠭᠤᠨ ᠤ ᠠᠮᠢ ᠠᠬᠤᠢ ᠶᠢᠨ ᠡᠷᠡᠭᠦᠯ ᠭᠦᠭᠵᠢᠯᠲᠡ ᠳᠤ ᠨᠡᠩ ᠰᠠᠶᠢᠨ ᠦᠢᠯᠡᠴᠢᠯᠡᠬᠦ ᠪᠤᠯᠤᠨ᠎ᠠ︾ ᠬᠡᠵᠦ ᠵᠤᠷᠢᠭᠲᠠᠢ ᠶᠠᠷᠢᠵᠦ ᠪᠠᠶᠢᠯ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号