ᠰᠢ ᠶᠢᠨ ᠫᠢᠩ᠄ ᠰᠤᠷᠭᠠᠭᠤᠯᠢ ᠡᠷᠬᠢᠯᠡᠵᠥ ᠬᠦᠮᠦᠨ ᠬᠦᠮᠦᠵᠢᠬᠦᠯᠬᠦ ᠳᠦᠪᠰᠢᠨ ᠢᠶᠠᠨ ᠪᠦᠬᠦ ᠳᠠᠯ᠎ᠠ ᠪᠠᠷ ᠳᠡᠬᠡᠭᠰᠢᠯᠡᠬᠦᠯᠵᠥ ᠴᠡᠷᠢᠭ ᠢ ᠬᠦᠴᠦᠷᠬᠡᠭᠵᠢᠬᠦᠯᠬᠦ ᠦᠢᠯᠡᠰ ᠲᠤ ᠴᠢᠳᠠᠪᠤᠷᠢᠳᠠᠨ ᠤ ᠬᠦᠴᠦᠳᠤ ᠳᠡᠮᠵᠢᠯᠬᠡ ᠬᠠᠩᠭᠠᠬᠤ ᠬᠡᠷᠡᠭᠳᠡᠢ
ᠨᠡᠶᠢᠲᠡᠯᠡᠭᠰᠡᠨ ᠴᠠᠭ᠄
2019-05-23
     ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ 21 ᠤ ᠡᠳᠤᠷ ᠬᠠᠭᠤᠷᠠᠢ ᠵᠠᠮ ᠤᠨ ᠴᠡᠷᠢᠭ ᠤᠨ ᠶᠠᠪᠠᠭᠠᠨ ᠴᠡᠷᠢᠭ ᠤᠨ ᠳᠡᠬᠡᠳᠤ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠪᠠ᠃ ᠳᠡᠷᠡ᠂ ᠰᠢᠨ᠎ᠡ ᠴᠠᠬ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠬᠦᠯᠬᠦ ᠦᠵᠡᠯ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠤᠨ᠂ ᠰᠢᠨ᠎ᠡ ᠴᠠᠬ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠬᠦᠨᠵᠡᠬᠡᠢ ᠳᠤᠭᠤᠰᠢᠯᠠᠭᠤᠯᠵᠥ᠂ ᠲᠠᠶᠢᠨ ᠤ ᠲᠠᠯᠠᠪᠤᠷ ᠲᠤ ᠬᠠᠨᠳᠤᠨ ᠴᠡᠷᠢᠭ ᠠᠩᠬᠢ ᠳᠤ ᠬᠠᠨᠳᠤᠵᠤ ᠢᠷᠡᠭᠡᠳᠦᠢ ᠳᠤ ᠬᠠᠨᠳᠤᠨ᠂ ᠲᠤᠳᠤᠭᠠᠳᠤ ᠠᠭᠤᠯᠤᠬᠳᠠᠬᠤᠨ ᠤ ᠬᠡᠯᠪᠡᠷᠢ ᠶᠢᠨ ᠬᠦᠭᠵᠢᠯᠳᠡ ᠶᠢᠨ ᠵᠠᠮ ᠢᠶᠠᠷ ᠵᠠᠮᠨᠠᠵᠥ᠂ ᠤᠯᠤᠰ ᠳᠦᠷᠦ ᠶᠢᠨ ᠪᠠᠳᠤᠯᠠᠭ᠎ᠠ ᠪᠠᠨ ᠴᠢᠩᠭᠠᠳᠬᠠᠨ᠂ ᠰᠤᠷᠭᠠᠭᠤᠯᠢ ᠡᠷᠬᠢᠯᠡᠬᠦ ᠪᠠᠶᠢᠷᠢ ᠳᠤᠬᠳᠠᠯᠳᠠ ᠶᠢ ᠰᠠᠶᠢᠳᠤᠷ ᠡᠵᠡᠮᠳᠡᠵᠤ᠂ ᠦᠬᠡᠷᠡᠴᠢᠯᠡᠯᠳᠡ ᠬᠢᠵᠥ ᠰᠢᠨ᠎ᠡ ᠶᠢ ᠡᠬᠦᠳᠬᠦ ᠶᠢ ᠬᠦᠨᠵᠡᠬᠡᠶᠢᠷᠡᠬᠦᠯᠤᠨ᠂ ᠰᠤᠷᠭᠠᠭᠤᠯᠢ ᠡᠷᠬᠢᠯᠡᠵᠥ ᠬᠦᠮᠦᠨ ᠬᠦᠮᠦᠵᠢᠬᠦᠯᠬᠦ ᠳᠦᠪᠰᠢᠨ ᠢᠶᠠᠨ ᠪᠦᠬᠦ ᠳᠠᠯ᠎ᠠ ᠪᠠᠷ ᠳᠡᠬᠡᠭᠰᠢᠯᠡᠬᠦᠯᠵᠥ᠂ ᠴᠡᠷᠢᠭ ᠢ ᠬᠦᠴᠦᠷᠬᠡᠭᠵᠢᠬᠦᠯᠬᠦ ᠦᠢᠯᠡᠰ ᠲᠤ ᠴᠢᠳᠠᠪᠤᠷᠢᠳᠠᠨ ᠤ ᠬᠦᠴᠦᠳᠤ ᠳᠡᠮᠵᠢᠯᠬᠡ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃
     ᠳᠠᠪᠤᠨ ᠰᠠᠷ᠎ᠠ ᠶᠢᠨ ᠵᠢᠶᠠᠩᠰᠢ ᠶᠢᠨ ᠠᠭᠤᠳᠠᠮ ᠨᠤᠳᠤᠬ ᠲᠤ ᠠᠭᠤᠯᠠ ᠬᠦᠬᠡᠷᠡᠨ ᠤᠰᠤ ᠳᠤᠩᠭᠠᠯᠠᠬᠰᠢᠵᠥ᠂ ᠪᠠᠭᠠᠳᠤᠷᠯᠢᠬ ᠬᠤᠳᠠ ᠨᠠᠨᠴᠠᠩ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠦᠳᠡ ᠶᠢᠨ ᠡᠮᠤᠨᠡᠬᠢ 10 ᠴᠠᠬ ᠤᠨ ᠦᠶ᠎ᠡ ᠪᠠᠷ᠂ ᠰᠢ ᠶᠢᠨ ᠫᠢᠩ ᠮᠠᠰᠢᠨ ᠳᠡᠷᠬᠡᠨ ᠳᠤ ᠰᠠᠭᠤᠵᠥ ᠬᠠᠭᠤᠷᠠᠢ ᠵᠠᠮ ᠤᠨ ᠴᠡᠷᠢᠭ ᠤᠨ ᠶᠠᠪᠠᠭᠠᠨ ᠴᠡᠷᠢᠭ ᠤᠨ ᠳᠡᠬᠡᠳᠤ ᠰᠤᠷᠭᠠᠭᠤᠯᠢ ᠳᠤ ᠬᠦᠷᠴᠤ ᠢᠷᠡᠪᠡ᠃ ᠬᠠᠯᠠᠭᠤᠨ ᠠᠯᠠᠭ᠎ᠠ ᠳᠠᠰᠢᠯᠳᠠ ᠶᠢᠨ ᠳᠤᠮᠳᠠ᠂ ᠰᠢ ᠶᠢᠨ ᠫᠢᠩ ᠵᠢᠶᠠᠩᠰᠢ ᠳᠤ ᠰᠠᠭᠤᠭ᠎ᠠ ᠴᠡᠷᠢᠭ ᠠᠩᠬᠢ ᠶᠢᠨ ᠳᠡᠳ᠋ ᠳ᠋ᠢᠸᠢᠽᠢ ᠶᠢᠨ ᠳᠤᠰᠢᠶᠠᠯ ᠠᠴᠠ ᠳᠡᠬᠡᠭᠰᠢᠬᠢ ᠤᠳᠤᠷᠢᠳᠬᠤ ᠺᠠᠳ᠋ᠷ ᠪᠤᠯᠤᠨ ᠪᠠᠶᠢᠭᠤᠯᠤᠯᠳᠠᠳᠤ ᠬᠤᠷᠢᠶᠠᠨ ᠤ ᠳᠡᠰ ᠤᠨ ᠨᠢᠬᠡᠴᠢ ᠶᠢᠨ ᠭᠤᠤᠯ ᠲᠤᠰᠢᠶᠠᠯᠳᠡᠨ᠂ ᠬᠠᠭᠤᠷᠠᠢ ᠵᠠᠮ ᠤᠨ ᠴᠡᠷᠢᠭ ᠤᠨ ᠶᠠᠪᠠᠭᠠᠨ ᠴᠡᠷᠢᠭ ᠤᠨ ᠳᠡᠬᠡᠳᠤ ᠰᠤᠷᠭᠠᠭᠤᠯᠢ ᠶᠢᠨ ᠲᠦᠪ ᠤᠨ ᠬᠤᠷᠢᠶᠠᠨ ᠲᠡᠰ ᠠᠴᠠ ᠳᠡᠬᠡᠭᠰᠢᠬᠢ ᠺᠠᠳ᠋ᠷ ᠪᠤᠯᠤᠨ ᠱᠢ ᠵᠢᠶᠠ ᠵᠤᠸᠠᠩ ᠤᠨ ᠰᠤᠷᠭᠠᠭᠤᠯᠢ ᠶᠢᠨ ᠳᠤᠭᠤᠷᠢᠭ ᠤᠨ ᠭᠤᠤᠯ ᠲᠤᠰᠢᠶᠠᠯᠳᠡᠨ᠂ ᠳᠤᠰᠬᠠᠢ ᠮᠡᠷᠬᠡᠵᠢᠯᠳᠡᠨ ᠫᠷᠤᠹᠧᠰᠰᠤᠷ ᠤᠨ ᠳᠦᠯᠦᠬᠡᠯᠡᠭᠴᠢ ᠲᠠᠢ ᠳᠤᠳᠤᠨᠤ ᠪᠠᠷ ᠠᠭᠤᠯᠵᠠᠵᠥ᠂ ᠤᠯᠠᠨ ᠲᠠᠢ ᠬᠠᠮᠳᠤ ᠭᠡᠷᠡᠯ ᠵᠢᠷᠤᠬ ᠲᠠᠳᠠᠭᠤᠯᠵᠤ ᠳᠤᠷᠠᠰᠬᠠᠯ ᠦᠯᠡᠳᠡᠬᠡᠵᠠᠢ᠃      ᠲᠡᠭᠡᠳᠤ ᠰᠤᠷᠭᠠᠭᠤᠯᠢ ᠶᠢᠨ ᠪᠤᠯᠪᠠᠰᠤᠷᠠᠯ ᠤᠨ ᠲᠠᠯᠠᠪᠠᠢ ᠳᠤ᠂ ᠰᠤᠷᠤᠯᠭᠠᠳᠠᠳ ᠪᠤᠰᠢᠭᠤ ᠱᠠᠯᠠᠮᠠᠭᠠᠢ ᠬᠦᠳᠡᠯᠤᠯᠴᠡᠨ ᠬᠠᠰᠬᠢᠷᠬᠤ ᠲᠠᠭᠤᠨ ᠠᠭᠠᠷ ᠲᠡᠭᠷᠢ ᠶᠢ ᠲᠤᠩᠰᠤᠯᠭᠠᠵᠤ᠂ ᠪᠤᠳᠠᠳᠤ ᠪᠠᠶᠢᠯᠳᠤᠭᠠᠨᠴᠢᠯᠡᠬᠰᠠᠨ ᠴᠡᠷᠢᠭ ᠤᠨ ᠪᠤᠯᠪᠠᠰᠤᠷᠠᠯ ᠤᠨ ᠪᠠᠶᠢᠳᠠᠯ ᠢᠶᠠᠷ ᠪᠢᠯᠬᠠᠵᠤ ᠪᠠᠶᠢᠯ᠎ᠠ᠃ ᠰᠢ ᠶᠢᠨ ᠫᠢᠡᠭ ᠬᠠᠷᠰᠢ ᠰᠠᠭᠠᠳ ᠤᠨ ᠪᠤᠯᠪᠠᠰᠤᠷᠠᠯ ᠤᠨ ᠲᠠᠯᠠᠪᠠᠢ ᠶᠢᠨ ᠬᠠᠵᠠᠭᠤ ᠳᠤ ᠭᠦᠷᠴᠤ᠂ ᠰᠤᠷᠤᠯᠭᠠᠳᠠᠳ ᠤᠨ ᠬᠠᠷᠰᠢ ᠰᠠᠭᠠᠳ ᠤᠨ ᠪᠤᠯᠪᠠᠰᠤᠷᠠᠯ ᠤᠨ ᠪᠠᠶᠢᠳᠠᠯ ᠢ ᠪᠠᠶᠢᠴᠠᠭᠠᠨ ᠦᠵᠡᠪᠠ᠃ ᠲᠦᠢᠯᠳᠠᠭᠤ ᠪᠤᠯᠪᠠᠰᠤᠷᠠᠯ ᠨᠢ ᠰᠤᠷᠤᠯᠭᠠᠳᠠᠳ ᠤᠨ ᠲᠠᠮᠢᠷ ᠲᠡᠩᠭᠡᠭᠡ ᠶᠢᠨ ᠲᠦᠢᠯᠰᠢᠷᠠᠯ᠂ ᠵᠤᠷᠢᠭ ᠰᠠᠨᠠᠭᠠᠨ ᠤ ᠲᠦᠢᠯᠰᠢᠷᠠᠯ᠂ ᠰᠡᠳᠬᠢᠴᠠ ᠶᠢᠨ ᠲᠦᠢᠯᠰᠢᠷᠠᠯ ᠢ ᠪᠤᠯᠪᠠᠰᠤᠷᠠᠭᠤᠯᠵᠤ᠂ ᠪᠠᠶᠢᠯᠳᠤᠭᠠᠨ ᠤ ᠲᠠᠯᠠᠪᠠᠢ ᠳᠤ ᠵᠤᠬᠢᠴᠠᠬᠤ ᠴᠢᠳᠠᠪᠤᠷᠢ ᠶᠢ ᠲᠡᠭᠡᠭᠰᠢᠯᠠᠭᠦᠯᠭᠦ ᠳᠤ ᠲᠦᠢᠯ ᠤᠨ ᠤᠳᠬ᠎ᠠ ᠠᠭᠤᠯᠭ᠎ᠠ ᠲᠠᠢ ᠶᠤᠮ᠃ ᠰᠢ ᠶᠢᠨ ᠫᠢᠡᠭ ᠲᠦᠢᠯᠳᠠᠭᠤ ᠪᠤᠯᠪᠠᠰᠤᠷᠠᠯ ᠤᠨ ᠲᠠᠯᠠᠪᠠᠢ ᠳᠤ ᠠᠯᠬᠤᠨ ᠤᠷᠤᠵᠤ᠂ ᠬᠠᠮᠢᠶ᠎ᠠ ᠪᠦᠭᠦᠢ ᠪᠤᠯᠪᠠᠰᠤᠷᠠᠯ ᠤᠨ ᠲᠤᠨᠤᠭ ᠲᠦᠭᠦᠭᠡᠷᠤᠮᠵᠢ ᠪᠤᠯᠤᠨ ᠪᠤᠯᠪᠠᠰᠤᠷᠠᠯ ᠤᠨ ᠪᠠᠶᠢᠳᠠᠯ ᠢ ᠨᠠᠷᠢᠨ ᠦᠢᠯᠠᠭᠠᠪᠠ᠃ ᠰᠤᠷᠤᠯᠭᠠᠳᠠᠳ ᠭᠡᠷᠡᠮ ᠲᠠᠪᠠᠵᠤ ᠤᠰᠤᠨ ᠳᠤ ᠬᠠᠷᠠᠶᠢᠬᠤ᠂ ᠪᠤᠰᠤᠭ᠎ᠠ ᠱᠠᠳᠤ ᠶᠢ ᠲᠠᠪᠠᠭ᠋ᠤ᠂ ᠪᠤᠯᠪᠠᠰᠤᠷᠠᠯ ᠤᠨ ᠱᠠᠳᠤ ᠶᠢ ᠲᠠᠪᠠᠭ᠋ᠤ᠂ ᠦᠨᠳᠤᠷ ᠭᠡᠷᠡᠮ ᠢ ᠲᠠᠪᠠᠭ᠋ᠤ᠂ ᠲᠡᠭᠦᠵᠢᠩ ᠱᠠᠳᠤᠨ ᠳᠤ ᠠᠪᠠᠷᠢᠬᠤ᠂ ᠮᠤᠳᠤᠨ ᠭᠦᠭᠦᠷᠭᠡ ᠶᠢ ᠲᠠᠪᠠᠭ᠋ᠤ᠂ ᠲᠦᠭᠦᠷᠢᠭ ᠮᠤᠳᠤ ᠶᠢ ᠡᠭᠦᠷᠭᠦ ᠵᠡᠷᠭᠡ ᠪᠤᠯᠪᠠᠰᠤᠷᠠᠯ ᠢ ᠭᠦᠢᠴᠡᠳᠭᠡᠵᠤ ᠪᠠᠶᠢᠯ᠎ᠠ᠃ ᠰᠤᠷᠤᠯᠭᠠᠳᠠᠳ ᠤᠨ ᠰᠢᠪᠡᠷ ᠱᠠᠯᠴᠢᠭ ᠲᠤ ᠪᠢᠯᠳᠠᠭᠳᠠᠨ ᠰᠢᠷᠭᠠᠭᠤ ᠬᠠᠳᠠᠭᠤᠵᠢᠯᠳᠠᠢ ᠪᠤᠯᠪᠠᠰᠤᠷᠠᠵᠤ᠂ ᠬᠠᠷᠰᠢ ᠰᠠᠭᠠᠳ ᠲᠠᠶᠢᠰᠢ ᠪᠤᠴᠠᠯᠳᠠ ᠦᠭᠡᠢ ᠤᠷᠤᠭᠰᠢᠯᠠᠵᠤ ᠪᠠᠶᠢᠭ᠎ᠠ ᠪᠠᠶᠢᠳᠠᠯ ᠢ ᠦᠵᠡᠭᠡᠳ ᠰᠢ ᠶᠢᠨ ᠫᠢᠡᠭ ᠮᠠᠰᠢ ᠪᠠᠶᠠᠷᠳᠠᠢ ᠪᠠᠶᠢᠯ᠎ᠠ᠃      ᠪᠤᠯᠪᠠᠰᠤᠷᠠᠯ ᠤᠨ ᠲᠠᠯᠠᠪᠠᠢ ᠠᠴᠠ ᠰᠠᠯᠵᠤ᠂ ᠰᠢ ᠶᠢᠨ ᠫᠢᠡᠭ ᠲᠡᠭᠡᠳᠤ ᠰᠤᠷᠭᠠᠭᠤᠯᠢ ᠶᠢᠨ ᠬᠤᠪᠢᠰᠬᠠᠯ ᠤᠨ ᠡᠬᠢ ᠪᠠᠶᠠᠯᠢᠭ ᠤᠨ ᠰᠤᠳᠤᠯᠭᠠᠨ ᠤ ᠲᠦᠪ ᠲᠤ ᠭᠦᠷᠪᠠ᠃ ᠤᠷᠳᠤ ᠬᠤᠭᠤᠴᠠᠭᠠᠨ ᠤ ᠲᠤᠷᠰᠢ᠂ ᠲᠡᠭᠡᠳᠤ ᠰᠤᠷᠭᠠᠭᠤᠯᠢ ᠶᠢᠨ ᠬᠢᠨ ᠬᠤᠪᠢᠰᠬᠠᠯ ᠤᠨ ᠡᠬᠢ ᠪᠠᠶᠠᠯᠢᠭ ᠤᠨ ᠲᠠᠪᠠᠭᠤᠯᠢᠭ ᠢ ᠪᠠᠳᠠᠷᠠᠭᠤᠯᠬᠤ ᠶᠢ ᠪᠠᠷᠢᠮᠳᠠᠯᠠᠨ᠂ ᠬᠤᠪᠢᠰᠬᠠᠯᠲᠦ ᠤᠳᠤᠮᠰᠢᠯ ᠤᠨ ᠰᠦᠭ ᠰᠦᠯᠲᠡ ᠶᠢ ᠱᠤᠭᠤᠵᠤ ᠭᠦᠮᠤᠨ ᠢ ᠭᠦᠮᠤᠵᠢᠭᠦᠯᠭᠦ ᠲᠠᠯ᠎ᠠ ᠪᠠᠷ ᠢᠳᠡᠪᠬᠢᠳᠠᠢ ᠬᠠᠶᠢᠨ ᠰᠦᠪᠡᠭᠴᠢᠯᠡᠯᠳᠡ ᠬᠢᠭᠰᠡᠨ ᠪᠠᠶᠢᠨ᠎ᠠ᠃ ᠰᠢ ᠶᠢᠨ ᠫᠢᠡᠭ ᠬᠠᠮᠢᠶ᠎ᠠ ᠪᠦᠭᠦᠢ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠤ᠂ ᠲᠡᠭᠡᠳᠤ ᠰᠤᠷᠭᠠᠭᠤᠯᠢ ᠶᠢᠨ ᠠᠷᠭ᠎ᠠ ᠬᠡᠮᠵᠢᠶ᠎ᠡ ᠶᠢ ᠭᠦᠢᠴᠡᠳ ᠨᠤᠳᠠᠯᠠᠪᠠ᠃ ᠰᠢ ᠶᠢᠨ ᠫᠢᠡᠭ᠂ ᠬᠤᠪᠢᠰᠬᠠᠯ ᠤᠨ ᠡᠬᠢ ᠪᠠᠶᠠᠯᠢᠭ ᠢ ᠰᠠᠶᠢᠳᠤᠷ ᠠᠰᠢᠬᠯᠠᠨ᠂ ᠬᠤᠪᠢᠰᠬᠠᠯᠲᠦ ᠤᠳᠤᠮᠰᠢᠯ ᠢ ᠰᠠᠶᠢᠳᠤᠷ ᠤᠯᠠᠮᠵᠢᠯᠠᠵᠤ᠂ ᠦᠶ᠎ᠠ ᠦᠶ᠎ᠠ ᠶᠢᠨ ᠤᠯᠠᠭᠠᠨ ᠴᠡᠷᠢᠭ ᠤᠨ ᠤᠯᠠᠮᠵᠢᠯᠠᠭᠴᠢ ᠶᠢ ᠭᠦᠮᠤᠵᠢᠭᠦᠯᠭᠦ ᠭᠡᠷᠡᠭᠳᠠᠢ ᠭᠡᠵᠤ ᠴᠢᠬᠤᠯᠠᠴᠢᠯᠠᠪᠠ᠃      ᠲᠠᠷᠠᠭ᠎ᠠ ᠨᠢ᠂ ᠰᠢ ᠶᠢᠨ ᠫᠢᠡᠭ ᠲᠡᠭᠡᠳᠤ ᠰᠤᠷᠭᠠᠭᠤᠯᠢ ᠶᠢᠨ ᠠᠵᠢᠯ ᠤᠨ ᠮᠡᠳᠡᠭᠦᠯᠤᠯᠳᠠ ᠶᠢ ᠰᠤᠨᠤᠰᠤᠭᠰᠠᠨ ᠪᠦᠬᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠶᠠᠮᠠᠷ ᠲᠡᠭᠡᠳᠤ ᠰᠤᠷᠭᠠᠭᠤᠯᠢ ᠶᠢ ᠪᠠᠶᠢᠭᠤᠯᠵᠤ᠂ ᠶᠠᠮᠠᠷ ᠴᠢᠳᠠᠪᠤᠷᠢᠳᠠᠨ ᠢ ᠭᠦᠮᠤᠵᠢᠭᠦᠯᠭᠦ ᠪᠤᠯ ᠰᠤᠷᠭᠠᠭᠤᠯᠢ ᠡᠷᠬᠢᠯᠠᠵᠤ ᠭᠦᠮᠤᠨ ᠭᠦᠮᠤᠵᠢᠭᠦᠯᠭᠦ ᠶᠢᠨ ᠤᠷᠢᠳ ᠢᠶᠠᠷ ᠰᠢᠢᠳᠪᠤᠷᠢᠯᠠᠭᠦ ᠠᠰᠠᠭᠤᠳᠠᠯ ᠮᠦᠨ ᠭᠡᠵᠤ ᠴᠢᠬᠤᠯᠠᠴᠢᠯᠠᠪᠠ᠃ ᠰᠢ ᠶᠢᠨ ᠫᠢᠡᠭ᠂ ᠰᠤᠷᠭᠠᠭᠤᠯᠢ ᠪᠤᠯ ᠶᠤᠰᠤ ᠮᠤᠷᠠᠯ ᠢᠶᠠᠷ ᠬᠦᠮᠦᠨ ᠢ ᠬᠦᠮᠦᠵᠢᠭᠦᠯᠬᠦ ᠭᠠᠵᠠᠷ ᠮᠦᠨ᠂ ᠡᠷᠬᠡᠪᠰᠢ ᠵᠦᠪ ᠤᠨᠤᠪᠴᠢᠳᠠᠢ ᠤᠯᠤᠰ ᠲᠦᠷᠤ ᠶᠢᠨ ᠴᠢᠭᠯᠡᠯ ᠢ ᠡᠷᠡᠰ ᠪᠠᠳᠤ ᠪᠠᠷᠢᠮᠳᠠᠯᠠᠬᠤ ᠭᠡᠷᠡᠭᠳᠠᠢ᠃ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠰᠢᠨ᠎ᠠ ᠴᠠᠭ ᠦᠶ᠎ᠠ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠠᠵᠤ᠂ ᠭᠦ᠋ ᠲᠢᠶᠠᠨ ᠤ ᠪᠦᠭᠦ ᠴᠡᠷᠢᠭ ᠤᠨ ᠤᠯᠤᠰ ᠲᠦᠷᠤ ᠶᠢᠨ ᠠᠵᠢᠯ ᠤᠨ ᠬᠤᠷᠠᠯ᠂ ᠴᠡᠷᠢᠭ ᠤᠨ ᠶᠠᠪᠤᠳᠠᠯ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠪᠤᠯᠤᠨ ᠨᠠᠮ ᠤᠨ ᠪᠠᠶᠢᠭᠤᠯᠤᠯᠳᠠ ᠶᠢᠨ ᠠᠵᠢᠯ ᠢ ᠪᠦᠭᠦ ᠲᠠᠯ᠎ᠠ ᠪᠠᠷ ᠴᠢᠩᠭᠠᠳᠬᠠᠨ᠂ ᠤᠯᠤᠰ ᠲᠦᠷᠤ ᠪᠠᠷ ᠴᠡᠷᠢᠭ ᠢ ᠪᠠᠶᠢᠭᠤᠯᠬᠤ ᠱᠠᠭᠠᠷᠳᠠᠯᠭ᠎ᠠ ᠶᠢ ᠰᠤᠷᠭᠠᠭᠤᠯᠢ ᠡᠷᠬᠢᠯᠠᠵᠤ ᠰᠤᠷᠭᠠᠭᠤᠯᠢ ᠪᠠᠨ ᠵᠠᠰᠠᠬᠤ ᠡᠯ᠎ᠠ ᠲᠠᠯ᠎ᠠ ᠪᠤᠯᠤᠨ ᠪᠦᠭᠦ ᠶᠠᠪᠤᠴᠠ ᠳᠤ ᠨᠠᠶᠢᠳᠠᠪᠤᠷᠢᠵᠢᠭᠤᠯᠬᠤ ᠭᠡᠷᠡᠭᠳᠠᠢ᠃ ᠴᠡᠷᠢᠭ ᠠᠩᠭᠢ ᠶᠢᠨ ᠲᠡᠭᠡᠲᠦ ᠰᠤᠷᠭᠠᠭᠤᠯᠢ ᠨᠢ ᠲᠠᠶᠢᠨ ᠪᠠᠶᠢᠯᠲᠤᠭᠠᠠ ᠬᠢᠬᠦ ᠶᠢᠨ ᠲᠦᠯᠦᠭᠡ ᠮᠡᠡᠲᠦᠯᠡᠵᠦ᠂ ᠲᠠᠶᠢᠠ ᠪᠠᠶᠢᠯᠲᠤᠭᠠᠠ ᠬᠢᠬᠦ ᠶᠢᠨ ᠲᠦᠯᠦᠭᠡ ᠪᠠᠶᠢᠭᠤᠯᠤᠭᠰᠠᠠ ᠪᠤᠯᠬᠤᠷ ᠡᠷᠭᠡᠪᠰᠢ ᠪᠤᠲᠠᠲᠤ ᠪᠠᠶᠢᠯᠳᠤᠭᠠᠨ ᠤ ᠲᠤᠭᠤᠷᠢᠨ ᠳᠤ ᠵᠢᠭᠠᠠ ᠰᠤᠷᠭᠠᠯᠲᠠ ᠬᠢᠵᠦ᠂ ᠲᠠᠶᠢᠨ ᠤ ᠢᠯᠠᠯᠳᠠ ᠳᠤ ᠴᠢᠭᠯᠡᠬᠦᠯᠦᠨ ᠴᠢᠲᠠᠪᠤᠷᠢᠲᠠᠠ ᠬᠦᠮᠦᠵᠢᠭᠦᠯᠬᠦ ᠬᠡᠷᠡᠭᠲᠡᠢ᠃ ᠪᠠᠶᠢᠯᠲᠤᠭᠠᠠ ᠬᠢᠬᠦ ᠶᠢᠨ ᠲᠦᠯᠦᠭᠡ ᠬᠦᠮᠦᠨ ᠬᠦᠮᠦᠵᠢᠭᠦᠯᠬᠦ ᠢᠯᠠ ᠲᠤᠲᠤ ᠵᠢᠯᠤᠭᠤᠲᠤᠮᠵᠢ ᠶᠢ ᠪᠤᠢ ᠪᠤᠯᠭᠠᠵᠤ᠂ ᠰᠤᠷᠭᠠᠭᠤᠯᠢ ᠡᠷᠬᠢᠯᠡᠬᠦ ᠠᠯᠢᠪᠠ ᠠᠵᠢᠯᠯᠠᠭ᠎ᠠ ᠶᠢ ᠲᠠᠶᠢᠨ ᠬᠢᠵᠦ ᠲᠡᠶᠢᠯᠬᠦ᠂ ᠢᠯᠠᠭᠤᠭᠰᠠᠠ ᠲᠠᠶᠢᠨ ᠬᠢᠵᠦ ᠲᠡᠶᠢᠯᠬᠦ ᠳᠤ ᠴᠢᠭᠯᠡᠭᠦᠯᠬᠦ ᠬᠡᠷᠡᠭᠲᠡᠢ᠃ ᠤᠲᠤ ᠦᠶ᠎ᠠ ᠶᠢᠨ ᠲᠠᠶᠢᠠ ᠪᠠᠶᠢᠯᠳᠤᠭᠠᠨ ᠤ ᠤᠨᠴᠠᠯᠢᠭ ᠵᠢᠮ᠎ᠠ ᠬᠠᠤᠯᠢ ᠶᠢ ᠡᠵᠡᠮᠳᠡᠨ᠂ ᠬᠠᠭᠤᠷᠠᠢ ᠵᠠᠮ ᠤᠨ ᠴᠡᠷᠢᠭ ᠤᠨ ᠬᠡᠯᠪᠡᠷᠢ ᠶᠢ ᠬᠤᠪᠢᠷᠠᠭᠤᠯᠤᠨ ᠪᠦᠳᠦᠬᠡᠨ ᠪᠠᠶᠢᠭᠤᠯᠬᠤ ᠱᠠᠭᠠᠷᠲᠠᠯᠭ᠎ᠠ ᠶᠢ ᠡᠵᠡᠮᠲᠠᠵᠦ᠂ ᠲᠠᠶᠢᠨ ᠪᠠᠶᠢᠯᠲᠤᠭᠠᠠ ᠳᠤ ᠶᠠᠭᠤ ᠬᠡᠷᠡᠭᠰᠡᠪᠡᠯ ᠶᠠᠭᠤ ᠶᠢ ᠵᠢᠭᠠᠵᠦ᠂ ᠴᠡᠷᠢᠭ ᠠᠩᠭᠢ ᠳᠤ ᠶᠠᠭᠤ ᠭᠡᠷᠡᠭᠰᠡᠪᠡᠯ ᠶᠠᠭᠤ ᠶᠢ ᠪᠤᠯᠪᠠᠰᠤᠷᠠᠭᠤᠯᠵᠦ᠂ ᠴᠢᠲᠠᠪᠤᠷᠢᠲᠠᠠ ᠬᠦᠮᠦᠵᠢᠭᠦᠯᠬᠦ ᠬᠠᠩᠭᠠᠯᠭ᠎ᠠ ᠶᠢᠨ ᠲᠠᠯ᠎ᠠ ᠶᠢ ᠢᠷᠡᠭᠡᠲᠦᠢ ᠶᠢᠨ ᠲᠠᠶᠢᠠ ᠪᠠᠶᠢᠯᠲᠤᠭᠠᠠ ᠤ ᠭᠡᠷᠡᠭᠴᠡᠭᠡ ᠱᠠᠭᠠᠷᠲᠠᠯᠭ᠎ᠠ ᠲᠠᠢ ᠤᠨᠤᠪᠴᠢᠲᠠᠢ ᠵᠤᠯᠭᠠᠭᠤᠯᠬᠤ ᠭᠡᠷᠡᠭᠲᠡᠢ᠃ ᠦᠵᠦ ᠲᠦᠯᠦᠪᠯᠡᠭᠡ ᠪᠤᠯᠤᠨ ᠠᠯᠤᠰ ᠤᠨ ᠲᠦᠯᠦᠪᠵᠢᠭᠦᠯᠭᠡ ᠶᠢ ᠴᠢᠩᠭᠠᠳᠬᠠᠵᠤ᠂ ᠰᠢᠨᠵᠢᠯᠡᠬᠦ ᠤᠬᠠᠭᠠᠠᠴᠢ ᠬᠠᠷᠠᠯᠲᠠᠲᠦ ᠵᠢᠷᠤᠭ᠂ ᠱᠤᠭᠤᠮ ᠤᠨ ᠵᠢᠷᠤᠭ᠂ ᠪᠠᠷᠢᠯᠭ᠎ᠠ ᠶᠢᠨ ᠵᠢᠷᠤᠭ ᠭᠠᠷᠭᠠᠨ᠂ ᠨᠢᠭᠡ ᠵᠢᠷᠤᠬ ᠲᠦᠰᠦᠪ ᠢᠶᠠᠷ ᠡᠴᠦᠰ ᠲᠤᠨᠢ ᠲᠤᠯᠳᠠᠯ᠎ᠠ ᠬᠢᠬᠦ ᠬᠡᠷᠡᠭᠳᠠᠢ ᠭᠡᠵᠦ ᠵᠢᠭᠠᠵᠥ ᠭᠠᠷᠭᠠᠪᠠ᠃      ᠰᠢ ᠶᠢᠨ ᠫᠢᠩ᠂ ᠦᠭᠡᠷᠡᠴᠢᠯᠡᠬᠦ ᠬᠤᠪᠢᠷᠠᠭᠤᠯᠬᠤ ᠶᠢ ᠵᠡᠷᠭᠡ ᠪᠠᠷ ᠠᠳᠬᠤᠨ᠂ ᠦᠵᠡᠯ ᠰᠠᠨᠠᠭ᠎ᠠ ᠪᠠᠨ ᠵᠤᠷᠢᠠᠠᠲᠠᠢ ᠴᠢᠯᠦᠭᠡᠯᠡᠵᠦ᠂ ᠦᠢᠯᠡᠲᠦᠯᠭᠡ ᠶᠢᠨ ᠬᠠᠶᠢᠨ ᠰᠦᠪᠡᠭᠴᠢᠯᠡᠯᠳᠡ ᠬᠢᠬᠦ ᠪᠠᠨ ᠴᠢᠩᠭᠠᠳᠬᠠᠨ᠂ ᠰᠤᠷᠭᠠᠭᠤᠯᠢ ᠡᠷᠬᠢᠯᠡᠬᠦ ᠵᠠᠬᠪᠤᠷ ᠪᠠ ᠠᠵᠢᠯᠯᠠᠭᠠᠠ ᠤ ᠲᠤᠭᠲᠠᠴᠠ ᠶᠢᠨ ᠰᠢᠨ᠎ᠠ ᠶᠢ ᠡᠭᠦᠳᠬᠦ ᠶᠢ ᠲᠦᠷᠭᠡᠳᠬᠡᠠ ᠠᠬᠢᠭᠤᠯᠵᠦ᠂ ᠴᠢᠨᠠᠷ ᠰᠠᠶᠢᠲᠠᠢ ᠬᠦᠭᠵᠢᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠪᠠᠶᠢᠲᠠᠯ ᠡᠬᠦᠷᠭᠡ ᠶᠢᠨ ᠭᠡᠷᠡᠭᠴᠡᠭᠡ ᠱᠠᠭᠠᠷᠲᠠᠯᠭ᠎ᠠ ᠪᠠᠷ ᠭᠤᠤᠯᠲᠠᠭᠤᠯᠤᠨ᠂ ᠪᠤᠲᠠᠲᠤ ᠪᠠᠶᠢᠯᠲᠤᠭᠠᠠᠴᠢᠯᠠᠭᠰᠠᠨ ᠵᠢᠭᠠᠠ ᠰᠤᠷᠭᠠᠯᠲᠠ ᠶᠢᠨ ᠦᠭᠡᠷᠡᠴᠢᠯᠡᠯᠲᠡ ᠶᠢ ᠬᠦᠴᠦᠲᠠᠢ ᠠᠳᠬᠤᠵᠦ᠂ ᠰᠢᠨᠵᠢᠯᠡᠭᠡᠨ ᠤ ᠪᠠᠶᠢᠷᠢᠰᠢᠭᠤᠯᠤᠯᠳᠠ ᠶᠢ ᠰᠢᠯᠢᠲᠡᠭᠵᠢᠭᠦᠯᠤᠨ᠂ ᠲᠤᠰᠬᠠᠢ ᠮᠡᠷᠭᠡᠵᠢᠯ ᠤᠨ ᠲᠤᠬᠢᠷᠠᠭᠤᠯᠤᠯᠳᠠ ᠶᠢ ᠲᠡᠭᠦᠯᠲᠡᠷᠵᠢᠭᠦᠯᠵᠤ᠂ ᠵᠢᠭᠠᠠ ᠰᠤᠷᠭᠠᠯᠲᠠ ᠶᠢᠨ ᠠᠭᠤᠯᠭ᠎ᠠ ᠪᠠᠨ ᠰᠢᠨᠡᠳᠭᠡᠨ᠂ ᠰᠢᠨᠵᠢᠯᠡᠭᠡᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠠᠭ ᠦᠶ᠎ᠠ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠡᠷᠴᠢᠮᠵᠢᠭᠦᠯᠦᠨ ᠰᠢᠯᠢᠲᠡᠭᠵᠢᠭᠦᠯᠬᠦ᠂ ᠨᠡᠭᠡᠭᠡᠯᠲᠡ ᠲᠠᠢ ᠪᠠᠷ ᠰᠤᠷᠭᠠᠭᠤᠯᠢ ᠡᠷᠬᠢᠯᠡᠬᠦ᠂ ᠬᠤᠯᠪᠤᠭᠠᠯᠠᠠ ᠬᠦᠮᠦᠨ ᠬᠦᠮᠦᠵᠢᠭᠦᠯᠬᠦ ᠶᠢ ᠪᠠᠷᠢᠮᠲᠠᠯᠠᠵᠦ᠂ ᠲᠡᠭᠡᠲᠦ ᠰᠤᠷᠭᠠᠭᠤᠯᠢ ᠶᠢᠨ ᠪᠠᠭᠰᠢ ᠶᠢᠨ ᠬᠦᠴᠤᠨ ᠢ ᠨᠡᠶᠢᠳᠭᠡᠡ ᠲᠡᠰ ᠲᠡᠪᠰᠢᠭᠦᠯᠬᠦ ᠶᠢ ᠴᠢᠩᠭᠠᠳᠬᠠᠵᠦ᠂ ᠲᠡᠭᠡᠲᠦ ᠰᠤᠷᠭᠠᠭᠤᠯᠢ ᠠᠴᠠ ᠭᠠᠲᠠᠨᠠᠬᠢ ᠰᠢᠯᠢᠲᠡᠭ ᠰᠤᠷᠭᠠᠠ ᠬᠦᠮᠦᠵᠢᠯ ᠤᠨ ᠡᠬᠢ ᠪᠠᠶᠠᠯᠢᠭ ᠢ ᠤᠷᠤᠭᠤᠯᠤᠨ ᠠᠪᠴᠢᠷᠠᠵᠦ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠪᠤᠯᠪᠠᠰᠤᠷᠠᠵᠦ ᠴᠠᠭᠠᠷᠠᠭᠰᠠᠠ ᠪᠠᠭᠰᠢ ᠰᠤᠷᠭᠠᠭᠴᠢ ᠶᠢᠨ ᠡᠩᠨᠡᠭᠡ ᠶᠢ ᠪᠠᠶᠢᠭᠤᠯᠬᠤ ᠭᠡᠷᠡᠭᠲᠡᠢ᠃ ᠢᠵᠢ ᠪᠦᠷᠢᠲᠦᠭᠰᠡᠡ ᠪᠠᠲᠤᠯᠠᠭ᠎ᠠ ᠶᠢ ᠴᠢᠭᠯᠡᠭᠦᠯᠦᠯᠲᠦ ᠴᠢᠨᠠᠷᠲᠠᠢ ᠪᠠᠷ ᠴᠢᠩᠭᠠᠳᠬᠠᠵᠤ᠂ ᠬᠦᠮᠦᠵᠢᠯ ᠪᠤᠯᠪᠠᠰᠤᠷᠠᠯ ᠤᠨ ᠤᠷᠤᠭᠰᠢᠲᠠᠢ ᠶᠠᠪᠤᠭᠲᠠᠬᠤ ᠶᠢ ᠪᠠᠲᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠲᠡᠭᠡᠲᠦ ᠰᠤᠷᠭᠠᠭᠤᠯᠢ ᠶᠢᠨ ᠨᠠᠮ ᠤᠨ ᠬᠤᠷᠢᠶᠠᠨ ᠤ ᠤᠳᠤᠷᠢᠳᠬᠤ ᠪᠠᠬ ᠶᠢᠨ ᠬᠢᠨ ᠲᠤᠰ ᠪᠡᠶ᠎ᠠ ᠶᠢᠨ ᠪᠠᠶᠢᠭᠤᠯᠤᠯᠲᠠ ᠪᠤᠯᠤᠨ ᠤᠯᠤᠰ ᠲᠦᠷᠦ ᠶᠢᠨ ᠪᠤᠯᠪᠠᠰᠤᠷᠠᠯ ᠢᠶᠠᠨ ᠲᠦᠷᠦᠭᠦᠯᠡᠨ ᠴᠢᠩᠭᠠᠳᠬᠠᠵᠦ᠂ ᠤᠲᠤᠷᠢᠳᠬᠤ ᠲᠦᠪᠰᠢᠨ ᠪᠤᠯᠤᠨ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠢᠶᠠᠨ ᠲᠡᠭᠡᠭᠰᠢᠯᠡᠭᠦᠯᠵᠦ᠂ ᠭᠡᠭᠦᠲᠡᠭ ᠲᠦᠬᠦᠷᠡᠩ ᠬᠠᠯᠠᠭᠤᠨ ᠰᠡᠳᠬᠢᠯᠭᠡ ᠪᠠᠷ ᠦᠷᠭᠡᠡ ᠤᠯᠠᠠ ᠪᠠᠭᠰᠢ ᠰᠤᠷᠤᠭᠴᠢ ᠶᠢᠨ ᠪᠤᠲᠠᠳᠠᠢ ᠬᠦᠴᠢᠷᠲᠠᠯ ᠢ ᠰᠢᠢᠳᠪᠦᠷᠢᠯᠡᠡ ᠦᠭᠴᠤ᠂ ᠤᠯᠠᠠ ᠢ ᠪᠦᠮᠬᠦᠯᠲᠡᠭᠦᠯᠦᠨ ᠲᠠᠭᠠᠭᠤᠯᠵᠦ ᠪᠠᠶᠢᠭᠠᠳ ᠲᠡᠭᠡᠲᠦ ᠰᠤᠷᠭᠠᠭᠤᠯᠢ ᠶᠢᠨ ᠪᠦᠳᠦᠬᠡᠨ ᠪᠠᠶᠢᠭᠤᠯᠤᠯᠲᠠ ᠪᠠᠨ ᠤᠷᠤᠭᠰᠢ ᠠᠬᠢᠭᠤᠯᠬᠤ ᠭᠡᠷᠡᠭᠲᠡᠢ᠃ ᠴᠢᠩᠭ᠎ᠠ ᠠᠳᠬᠤᠬᠤ ᠶᠢ ᠲᠦᠷᠦᠬᠦᠨ ᠳᠤ ᠲᠠᠯᠪᠢᠵᠦ ᠪᠦᠬᠦ ᠲᠠᠯ᠎ᠠ ᠪᠠᠷ ᠴᠢᠩᠭ᠎ᠠ ᠠᠳᠬᠤᠨ ᠡᠴᠤᠰ ᠲᠤᠨᠢ ᠲᠤᠯᠲᠠᠯ᠎ᠠ ᠴᠢᠩᠭ᠎ᠠ ᠠᠳᠬᠤᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠰᠤᠷᠲᠠᠯ᠂ ᠵᠢᠭᠠᠠ ᠰᠤᠷᠭᠠᠯᠲᠠ ᠶᠢᠨ ᠰᠤᠷᠲᠠᠯ᠂ ᠰᠤᠲᠤᠯᠭᠠᠠ ᠤ ᠰᠤᠷᠲᠠᠯ᠂ ᠰᠢᠯᠭᠠᠯᠲᠠ ᠶᠢᠨ ᠰᠤᠷᠲᠠᠯ ᠢ ᠲᠦᠪ ᠴᠢᠩᠭ᠎ᠠ ᠪᠤᠯᠭᠠᠵᠦ᠂ ︽ᠲᠦᠷᠪᠡᠡ ᠰᠤᠷᠲᠠᠯ︾ ᠢᠯᠠᠩᠭᠤᠶ᠎ᠠ ᠬᠡᠯᠪᠡᠷᠢᠴᠢ ᠦᠵᠡᠯ᠂ ᠨᠤᠶᠠᠠᠴᠢ ᠰᠤᠷᠲᠠᠯ ᠢ ᠬᠦᠨᠵᠡᠭᠡᠢ ᠵᠠᠯᠠᠷᠠᠭᠤᠯᠤᠨ ᠵᠠᠰᠠᠵᠦ᠂ ᠰᠤᠷᠲᠠᠯ ᠴᠢᠭᠡᠴᠢ ᠤᠪᠤᠷ ᠲᠦᠪ ᠪᠠᠶᠢᠬᠤ ᠶᠢ ᠪᠠᠲᠤᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠵᠠᠩ ᠶᠢᠤ ᠰᠢᠶᠠ ᠨᠠᠷ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号