ᠮᠠᠨ ᠤ ᠬᠤᠰᠢᠭᠤ ᠮᠠᠯᠵᠢᠬᠤ ᠲᠠᠷᠢᠶᠠᠯᠠᠬᠤ ᠤᠷᠤᠨ ᠤ ᠨᠠᠮ ᠤᠨ ᠭᠡᠰᠢᠭᠦᠨ ᠤ ᠬᠦᠮᠤᠵᠢᠯ ᠪᠤᠯᠪᠠᠰᠤᠷᠠᠯ ᠢ | ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢ ᠴᠢᠩᠭᠠᠳᠬᠠᠬᠤ ᠬᠦᠴᠤᠨ ᠪᠦᠭᠦᠢ ᠠᠷᠭ᠎ᠠ ᠪᠠᠷᠢᠯ ᠢᠶᠠᠨ | ᠪᠤᠯᠭᠠᠵᠤ᠂ ︽ᠵᠠᠬᠢᠶᠠᠯᠠᠬᠤ ᠭᠡᠯᠪᠡᠷᠢ︾ ᠶᠢᠨ ᠪᠤᠯᠪᠠᠰᠤᠷᠠᠯ ᠨᠢ ᠦᠨᠳᠤᠰᠤᠨ ᠱᠠᠳᠤᠨ ᠤ ᠨᠠᠮ ᠤᠨ ᠭᠡᠰᠢᠭᠦᠨ ᠤ | ᠦᠪᠡᠷᠮᠢᠴᠡᠯᠡᠭᠰᠡᠨ᠂ ᠤᠯᠠᠨ ᠶᠠᠩᠵᠤᠴᠢᠯᠠᠭᠰᠠᠨ ᠬᠦᠮᠤᠵᠢᠯ ᠤᠨ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠨᠭ᠍ᠭᠠᠵᠤ᠂ | ᠦᠨᠳᠤᠰᠤᠨ ᠱᠠᠳᠤᠨ ᠤ ᠨᠠᠮ ᠤᠨ ᠭᠡᠰᠢᠭᠦᠨ ᠤ ᠶᠡᠷᠦᠩᠭᠡᠢ ᠭᠡᠪ ᠴᠢᠨᠠᠷ ᠢ ᠲᠡᠭᠡᠭᠰᠢᠯᠡᠭᠦᠯᠵᠤ ᠪᠤᠢ᠃ | ᠮᠠᠯ ᠲᠠᠷᠢᠶᠠᠯᠠᠩ ᠳᠤ ᠬᠤᠯᠪᠤᠭᠳᠠᠬᠤ ᠲᠦᠷᠤ ᠶᠢᠨ ᠪᠤᠳᠤᠯᠭ᠎ᠠ ᠪᠠ ᠬᠠᠤᠯᠢ ᠲᠦᠷᠢᠮ ᠤᠨ ︽ᠰᠡᠳᠤᠪ | ᠵᠠᠬᠢᠶᠠᠯᠠᠬᠤ︾ ᠪᠤᠯᠪᠠᠰᠤᠷᠠᠯ ᠢ ᠡᠷᠬᠢᠯᠡᠵᠤ᠂ ᠬᠦᠮᠤᠵᠢᠯ ᠪᠤᠯᠪᠠᠰᠤᠷᠠᠯ ᠤᠨ ᠭᠡᠯᠪᠡᠷᠢ ᠨᠢ ᠨᠡᠶᠢᠳᠡᠮ ᠤᠨ ᠭᠡᠯᠪᠡᠷᠢ | ᠪᠠᠶᠢᠭᠰᠠᠨ ᠠᠴᠠ ᠪᠠᠨ ᠭᠡᠷᠡᠭᠯᠡᠭᠡᠨ ᠤ ᠭᠡᠯᠪᠡᠷᠢ ᠪᠤᠯᠭᠠᠨ ᠬᠤᠪᠢᠷᠠᠭᠤᠯᠬᠤ ᠶᠢ ᠠᠬᠢᠭᠤᠯᠪᠠ︔ ︽ᠨᠤᠭᠤᠭ᠎ᠠ ᠵᠠᠬᠢᠶᠠᠯᠠᠬᠤ | ︾ ᠪᠤᠯᠪᠠᠰᠤᠷᠠᠯ ᠢ ᠡᠷᠬᠢᠯᠡᠵᠤ᠂ ᠬᠦᠮᠤᠵᠢᠯ ᠪᠤᠯᠪᠠᠰᠤᠷᠠᠯ ᠤᠨ ᠠᠷᠭ᠎ᠠ ᠭᠡᠯᠪᠡᠷᠢ ᠶᠢ ᠶᠡᠭᠦᠯᠡᠭᠦ ᠭᠡᠯᠪᠡᠷᠢ ᠠᠴᠠ ᠪᠠᠨ | ᠬᠠᠷᠢᠯᠴᠠᠨ ᠤᠶᠠᠯᠳᠤᠬᠤ ᠭᠡᠯᠪᠡᠷᠢ ᠪᠤᠯᠭᠠᠨ ᠬᠤᠪᠢᠷᠠᠭᠤᠯᠬᠤ ᠶᠢ ᠠᠬᠢᠭᠤᠯᠪᠠ︔ ︽ᠨᠠᠷᠠ ᠲᠤᠷᠠᠳᠬᠤ︾ | ᠪᠤᠯᠪᠠᠰᠤᠷᠠᠯ ᠢ ᠡᠷᠬᠢᠯᠡᠵᠤ᠂ ᠬᠦᠮᠤᠵᠢᠯ ᠪᠤᠯᠪᠠᠰᠤᠷᠠᠯ ᠤᠨ ᠬᠠᠷᠠᠯᠳᠠ ᠨᠢ ᠠᠵᠢᠯ ᠤᠨ ᠴᠢᠯᠤᠭᠡᠨ ᠤ ᠭᠡᠯᠪᠡᠷᠢ | ᠪᠠᠶᠢᠭᠰᠠᠨ ᠠᠴᠠ ᠲᠤᠰᠬᠠᠢ ᠮᠡᠷᠭᠡᠵᠢᠯ ᠤᠨ ᠭᠡᠯᠪᠡᠷᠢ ᠪᠤᠯᠭᠠᠨ ᠬᠤᠪᠢᠷᠠᠭᠤᠯᠬᠤ ᠶᠢ ᠠᠬᠢᠭᠤᠯᠪᠠ︔ ︽ᠵᠠᠬᠢᠶᠠᠯᠠᠨ | ᠨᠡᠪᠳᠡᠷᠡᠭᠦᠯᠭᠦ︾ ᠪᠤᠯᠪᠠᠰᠤᠷᠠᠯ ᠢ ᠡᠷᠬᠢᠯᠡᠵᠤ᠂ ᠬᠦᠮᠤᠵᠢᠯ ᠪᠤᠯᠪᠠᠰᠤᠷᠠᠯ ᠤᠨ ᠠᠷᠭ᠎ᠠ ᠶᠢ ᠤᠯᠠᠮᠵᠢᠯᠠᠯᠳᠤ ᠭᠡᠯᠪᠡᠷᠢ | ᠪᠠᠶᠢᠭᠰᠠᠨ ᠠᠴᠠ ᠪᠠᠨ ᠤᠳᠤ ᠦᠶ᠎ᠠ ᠶᠢᠨ ᠭᠡᠯᠪᠡᠷᠢ ᠪᠤᠯᠭᠠᠨ ᠬᠤᠪᠢᠷᠠᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃ |