| | | | | ᠦᠤᠰᠢᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ︽3 + 5 | ︾ ᠳᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠴᠢᠬᠤᠯᠠᠴᠢᠯᠠᠨ᠂ ᠠᠵᠢᠯ ᠤᠨ ᠭᠤᠤᠯᠳᠠᠯᠭ᠎ᠠ ᠶᠢ ᠠᠳᠬᠤᠨ ᠬᠢᠨᠠᠯᠳᠠ | ᠳᠠᠯᠪᠢᠬᠤ ᠠᠷᠭ᠎ᠠ ᠪᠠᠷᠢᠯ ᠢᠶᠠᠨ ᠬᠤᠪᠢᠷᠠᠭᠤᠯᠵᠤ᠂ ᠠᠰᠠᠭᠤᠳᠠᠯ ᠤᠨ ᠰᠦᠪᠡᠭᠴᠢ ᠶᠢ ᠨᠠᠷᠢᠨ ᠰᠤᠳᠤᠯᠵᠤ ᠨᠢᠮᠪᠡᠢ | ᠵᠠᠳᠠᠯᠤᠨ᠂ ᠴᠠᠭ ᠳᠤᠬᠠᠢ ᠳᠤᠨᠢ ᠵᠤᠬᠢᠰᠳᠠᠢ ᠰᠢᠢᠳᠪᠦᠷᠢᠯᠡᠵᠦ ᠵᠤᠬᠢᠬᠤ ᠠᠮᠵᠢᠯᠳᠠ ᠤᠯᠪᠠ᠃ | ᠮᠠᠨ ᠤ ᠬᠤᠰᠢᠭᠤ ᠨᠢ ᠵᠤᠬᠢᠶᠠᠨ ᠪᠠᠶᠢᠭᠤᠯᠤᠯᠳᠠ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ | ᠪᠤᠳᠠᠳᠠᠶᠢᠵᠢᠭᠤᠯᠤᠨ᠂ ᠳᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠪᠠᠭ᠎ᠠ ᠳᠤᠭᠤᠶᠢᠯᠠᠩ ᠢ | ᠪᠦᠷᠢᠯᠳᠦᠬᠦᠯᠵᠦ᠂ ᠬᠢᠨᠠᠯᠳᠠ ᠳᠠᠯᠪᠢᠵᠦ ᠰᠠᠬᠢᠯᠭ᠎ᠠ ᠪᠠᠳᠤ ᠶᠢ ᠬᠡᠷᠡᠭᠵᠢᠬᠦᠯᠦᠨ ᠬᠠᠷᠢᠭᠤᠴᠠᠯᠭ᠎ᠠ ᠨᠡᠬᠡᠮᠵᠢᠯᠡᠬᠦ ᠲᠦᠰᠦᠪ᠂ | ᠠᠵᠢᠯᠯᠠᠭᠠᠨ ᠤ ᠵᠦᠭᠯᠡᠬᠦᠷ᠂ ᠮᠡᠳᠡᠭᠳᠡᠯ ᠵᠡᠷᠬᠡ ᠶᠢ ᠳᠠᠷᠦᠮᠠᠯᠯᠠᠨ ᠳᠠᠷᠬᠠᠭᠠᠵᠤ᠂ ᠠᠵᠢᠯ ᠤᠨ ᠱᠠᠭᠠᠷᠳᠠᠯᠭ᠎ᠠ᠂ ᠠᠵᠢᠯ ᠤᠨ | ᠭᠤᠤᠯᠳᠠᠯᠭ᠎ᠠ᠂ ᠠᠵᠢᠯ ᠤᠨ ᠬᠤᠪᠢᠶᠠᠷᠢᠯᠠᠯ᠂ ᠴᠠᠭ ᠬᠤᠭᠤᠴᠠᠭ᠎ᠠ᠂ ᠠᠯᠬᠤᠮ ᠳᠠᠷᠠᠭᠠᠯᠠᠯ ᠢ ᠳᠤᠳᠤᠷᠬᠠᠶᠢᠯᠠᠪᠠ᠃ | ᠨᠢᠳᠤᠨᠤᠨ ᠠᠴᠠ ᠨᠠᠭᠠᠰᠢ ᠳᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠬᠠᠢ ᠬᠤᠷᠠᠯᠳᠤᠭᠠᠨ ᠢ 8 ᠤᠳᠠᠭ᠎ᠠ | ᠬᠢᠵᠦ᠂ ᠳᠤᠰᠬᠠᠢ ᠬᠢᠨᠠᠯᠳᠠ ᠳᠠᠯᠪᠢᠬᠤ ᠠᠵᠢᠯᠯᠠᠭ᠎ᠠ ᠶᠢ ᠤᠯᠠᠨᠳᠠ ᠦᠷᠨᠢᠬᠦᠯᠵᠦ᠂ ᠡᠯ᠎ᠡ ᠰᠤᠮᠤ ᠪᠠᠯᠭᠠᠰᠤ᠂ | ᠪᠠᠶᠢᠭᠤᠯᠭ᠎ᠠ ᠨᠢᠬᠡᠴᠢ ᠶᠢᠨ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠪᠠ᠃ ᠵᠠᠬᠢᠳᠠᠯ ᠰᠤᠷᠪᠤᠯᠵᠢᠯᠠᠭ᠎ᠠ | ᠬᠦᠯᠢᠶᠡᠨ ᠠᠪᠬᠤ ᠠᠷᠭ᠎ᠠ ᠵᠠᠮ ᠢᠶᠠᠨ ᠦᠷᠭᠡᠳᠭᠡᠵᠦ᠂ ᠠᠰᠠᠭᠤᠳᠠᠯ ᠤᠨ ᠰᠦᠪᠡᠭᠴᠢ ᠶᠢ ᠤᠯᠠᠨ ᠲᠠᠯ᠎ᠠ ᠠᠴᠠ ᠬᠠᠶᠢᠪᠠ | ᠃ ᠳᠤᠭᠳᠠᠭᠰᠠᠨ ᠭᠠᠵᠠᠷ ᠲᠤ 83 ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠵᠤ᠂ 15 ᠤᠳᠠᠭ᠎ᠠ ᠬᠦᠳᠡᠭᠡ | ᠪᠠᠭᠤᠵᠤ ᠠᠶᠢᠯ ᠡᠷᠦᠬᠡ ᠳᠤ ᠬᠦᠨᠵᠡᠬᠡᠶᠢᠷᠡᠨ ᠠᠰᠠᠭᠤᠨ ᠯᠠᠪᠯᠠᠪᠠ᠃ 12388 ᠢᠯᠡᠴᠢᠯᠡᠨ ᠮᠡᠳᠡᠬᠦᠯᠬᠦ ᠤᠳᠠᠰᠤ ᠶᠢ | ᠨᠡᠶᠢᠳᠡᠯᠡᠵᠦ᠂ ᠰᠤᠮᠤ ᠪᠠᠯᠭᠠᠰᠤᠨ ᠳᠤ ᠢᠯᠡᠴᠢᠯᠡᠨ ᠮᠡᠳᠡᠬᠦᠯᠬᠦ ᠬᠠᠶᠢᠷᠴᠠᠭ᠂ ᠢᠯᠡᠴᠢᠯᠡᠨ ᠮᠡᠳᠡᠬᠦᠯᠬᠦ ᠭᠠᠵᠠᠷ ᠢ | ᠪᠠᠶᠢᠭᠤᠯᠬᠤ ᠪᠠᠷ ᠳᠠᠮᠵᠢᠨ 68 ᠭᠡᠷᠡᠭ ᠢ ᠬᠦᠯᠢᠶᠡᠨ ᠠᠪᠤᠪᠠ᠃ ᠳᠤᠭᠤᠷᠢᠨ ᠪᠠᠶᠢᠴᠠᠭᠠᠬᠤ᠂ ᠬᠢᠨᠠᠨ ᠪᠤᠳᠤᠬᠤ᠂ | ᠬᠢᠨᠠᠨ ᠪᠠᠶᠢᠴᠠᠭᠠᠯᠳᠠ᠂ ᠢᠯᠡ ᠪᠠᠷ ᠪᠠᠶᠢᠴᠠᠭᠠᠬᠤ᠂ ᠳᠠᠯᠳᠠᠭᠤᠷ ᠪᠠᠶᠢᠴᠠᠭᠠᠬᠤᠪᠠᠷ ᠳᠠᠮᠵᠢᠨ ᠠᠰᠠᠭᠤᠳᠠᠯ ᠤᠨ | ᠰᠦᠪᠡᠭᠴᠢ ᠤᠯᠪᠠ᠃ ᠳᠡᠷᠡ ᠮᠦᠷᠳᠡᠬᠡᠨ ᠪᠠᠶᠢᠭᠤᠯᠭ᠎ᠠ ᠶᠢᠨ ᠪᠦᠬᠦ ᠺᠠᠳ᠋ᠷ ᠠᠵᠢᠯᠳᠠᠨ ᠡᠬᠡᠯᠵᠢᠯᠡᠨ ᠵᠠᠬᠢᠳᠠᠯ | ᠰᠤᠷᠪᠤᠯᠵᠢᠯᠠᠭ᠎ᠠ ᠬᠦᠯᠢᠶᠡᠨ ᠠᠪᠴᠦ᠂ ᠠᠰᠠᠭᠤᠳᠠᠯ ᠤᠨ ᠰᠦᠪᠡᠭᠴᠢ ᠶᠢ ᠨᠠᠷᠢᠨ ᠵᠠᠳᠠᠯᠵᠤ᠂ ᠵᠦᠷᠢᠴᠡᠯ | ᠮᠦᠷᠬᠦᠯᠳᠦᠬᠡᠨ ᠢ ᠠᠯᠢ ᠪᠠᠭ᠎ᠠ ᠳᠤᠨᠢ ᠨᠠᠮᠳᠠᠭᠠᠬᠤ ᠪᠠᠷ ᠴᠢᠷᠮᠡᠶᠢᠬᠰᠠᠭᠠᠷ ᠢᠷᠡᠪᠡ᠃ 2016 ᠤᠨ ᠠᠴᠠ ᠨᠠᠭᠠᠰᠢ | ᠬᠦᠯᠢᠶᠡᠨ ᠠᠪᠤᠭᠰᠠᠨ ᠶᠠᠳᠠᠭᠤ ᠶᠢ ᠳᠡᠳᠬᠦᠬᠦ ᠬᠦᠷᠢᠶᠡᠨ ᠳᠠᠬᠢ ᠢᠯᠵᠠᠷᠠᠮᠠᠯ ᠪᠠ ᠰᠤᠷᠳᠠᠯ ᠤᠨ ᠳᠤᠬᠠᠢ | ᠠᠰᠠᠭᠤᠳᠠᠯ ᠤᠨ ᠰᠦᠪᠡᠭᠴᠢ ᠶᠢ ᠡᠷᠬᠢᠨ ᠬᠠᠷᠠᠵᠤ᠂ ᠰᠢᠢᠳᠪᠦᠷᠢᠯᠡᠭᠰᠡᠨ ᠦᠷ᠎ᠡ ᠳ᠋ᠦᠩ ᠢ ᠨᠢ ᠮᠦᠷᠳᠡᠵᠤ᠂ ᠳᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠨᠢᠬᠡ ᠭᠤᠤᠯᠳᠠᠯᠭ᠎ᠠ ᠪᠤᠯᠭᠠᠨ᠂ 6 | ᠬᠢᠨᠠᠯᠳᠠ ᠳᠠᠯᠪᠢᠬᠤ ᠳᠤᠭᠤᠶᠢᠯᠠᠩ ᠬᠤᠪᠢᠶᠠᠵᠤ᠂ ᠡᠳᠦᠷ ᠳᠤᠳᠤᠮ ᠤᠨ ᠬᠢᠨᠠᠯᠳᠠ ᠳᠠᠯᠪᠢᠵᠦ᠂ ᠶᠠᠳᠠᠭᠤ ᠶᠢ ᠳᠡᠳᠬᠦᠬᠦ | ᠠᠵᠢᠯ ᠤᠨ ᠬᠡᠪᠴᠢᠶᠡᠨ ᠳᠠᠬᠢ ᠠᠰᠠᠭᠤᠳᠠᠯ ᠢ ᠳᠤᠰᠬᠠᠶᠢᠯᠠᠨ ᠳᠤᠭᠤᠷᠢᠨ ᠪᠠᠶᠢᠴᠠᠭᠠᠵᠤ᠂ 112 ᠠᠰᠠᠭᠤᠳᠠᠯ ᠢ ᠡᠷᠢᠨ | ᠭᠠᠷᠭᠠᠵᠤ᠂ ᠴᠠᠭ ᠳᠤᠬᠠᠢ ᠳᠤᠨᠢ ᠱᠠᠭᠠᠷᠳᠠᠵᠤ ᠵᠠᠰᠠᠨ ᠰᠠᠶᠢᠵᠢᠷᠠᠭᠤᠯᠪᠠ᠃ | ᠬᠠᠷᠢᠭᠤᠴᠠᠯᠭ᠎ᠠ ᠨᠡᠬᠡᠮᠵᠢᠯᠡᠵᠦ᠂ ᠰᠡᠷᠡᠮᠵᠢ ᠰᠡᠩᠭᠡᠭᠡᠷᠡᠭᠦᠯᠥᠯ ᠪᠤᠯᠭᠠᠪᠠ᠃ ︽3 + 5︾ ᠳᠤᠰᠬᠠᠶ | ᠴᠡᠭᠴᠡᠯᠡᠨ ᠵᠠᠰᠠᠬᠤ ᠠᠵᠢᠯ ᠤᠨ ᠬᠦᠷᠢᠶ᠎ᠡ ᠴᠠᠷᠠᠭᠠᠨ ᠳᠠᠬᠢ ᠠᠰᠠᠭᠤᠳᠠᠯ ᠤᠨ ᠰᠦᠪᠡᠭᠴᠢ ᠶᠢ ᠲᠦᠷᠬᠡᠨ ᠪᠠᠶᠢᠴᠠᠭᠠᠨ | ᠲᠦᠷᠬᠡᠨ ᠰᠢᠢᠳᠪᠦᠷᠢᠯᠡᠵᠦ᠂ ᠨᠠᠮ ᠵᠠᠰᠠᠭ ᠤᠨ ᠰᠠᠬᠢᠯᠭ᠎ᠠ ᠪᠠᠳᠤ ᠶᠢᠨ ᠰᠢᠢᠳᠬᠡᠯ ᠦᠭᠬᠦ ᠪᠤᠶᠤ ᠬᠠᠤᠯᠢ ᠴᠠᠭᠠᠵᠠ ᠶᠢᠨ | ᠬᠠᠷᠢᠭᠤᠴᠠᠯᠭ᠎ᠠ ᠨᠡᠬᠡᠮᠵᠢᠯᠡᠵᠦ᠂ ᠬᠠᠵᠠᠭᠤ ᠳᠠᠬᠢ ᠬᠦᠮᠦᠰ ᠲᠤ ᠰᠡᠷᠡᠮᠵᠢ ᠰᠦᠷᠳᠡᠬᠦᠯᠦᠯ ᠪᠤᠯᠭᠠᠨ ᠤᠯᠠᠨ ᠲᠦᠮᠡᠨ ᠳᠤ | ᠬᠠᠨᠦᠮᠵᠢᠳᠠᠢ ᠬᠠᠷᠢᠭᠤᠯᠳᠠ ᠦᠭᠪᠡ᠃ ᠨᠢᠳᠤᠨᠤᠨ 32 ᠬᠡᠷᠡᠭ ᠢ ᠭᠡᠷᠡᠭ ᠪᠤᠯᠭᠠᠨ ᠳᠠᠩᠰᠠᠯᠠᠵᠤ᠂ 15 ᠬᠦᠮᠦᠨ ᠳᠤ | ᠨᠠᠮ ᠤᠨ ᠰᠠᠬᠢᠯᠭ᠎ᠠ ᠪᠠᠳᠤ ᠶᠢᠨ ᠰᠢᠢᠳᠬᠡᠯ ᠦᠭᠴᠦ᠂ 15 ᠬᠦᠮᠦᠨ ᠳᠤ ᠵᠠᠰᠠᠭ ᠵᠠᠬᠢᠷᠭᠠᠨ ᠤ ᠰᠢᠢᠳᠬᠡᠯ ᠦᠭᠴᠦ᠂ | 51.66 ᠲᠦᠮᠨᠨ ᠲᠦᠬᠦᠷᠢᠭ ᠤᠨ ᠬᠤᠬᠢᠷᠠᠯ ᠢ ᠨᠡᠬᠡᠮᠵᠢᠯᠡᠨ ᠠᠪᠴᠢᠷᠠᠵᠤ᠂ 8 ᠤᠳᠠᠭ᠎ᠠ ᠤᠯᠠᠨ ᠳᠤ ᠨᠡᠶᠢᠳᠡᠯᠡᠪᠡ᠃ | ᠰᠤᠷᠳᠠᠯ ᠤᠬᠠᠭᠤᠯᠭ᠎ᠠ ᠶᠢ ᠰᠠᠶᠢᠳᠦᠷ ᠬᠢᠵᠦ᠂ ᠬᠢᠴᠢᠶᠡᠯ ᠬᠦᠮᠦᠵᠢᠯ ᠢ ᠠᠷᠪᠢᠨ ᠪᠤᠯᠭᠠᠪᠠ᠃ ᠲᠤᠤᠷ ᠰᠦᠯᠵᠢᠶ᠎ᠡ᠂ | ᠰᠤᠨᠢᠨ ᠰᠡᠳᠬᠦᠯ᠂ ᠷᠠᠳᠢᠤ᠋ ᠲᠧᠯᠸᠢᠰ᠂ ᠵᠢᠷᠭᠢᠶ ᠠ ᠶᠢᠨ ᠳᠠᠪᠴᠠᠩ᠂ ᠫᠠᠶᠢᠰᠠ ᠳᠡᠮᠳᠡᠭ ᠢᠶᠠᠷ ᠳᠠᠮᠵᠢᠭᠤᠯᠵᠤ᠂ ︽3 | + 5︾ ᠳᠤᠰᠬᠠᠶᠢᠯᠠᠨ ᠵᠠᠰᠠᠬᠤ ᠠᠵᠢᠯ ᠤᠨ ᠳᠤᠬᠠᠢ ᠳᠠᠨᠢᠯᠴᠠᠭᠤᠯᠵᠤ᠂ ᠰᠠᠬᠢᠯᠭ᠎ᠠ ᠪᠠᠳᠤ᠂ ᠬᠠᠤᠯᠢ ᠴᠠᠭᠠᠵᠠ ᠶᠢᠨ | ᠳᠤᠬᠠᠢ ᠮᠡᠳᠡᠯᠬᠡ ᠶᠢ ᠤᠬᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠨᠠᠮ ᠤᠨ | ᠰᠤᠷᠭᠠᠭᠤᠯᠢ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠵᠡᠷᠬᠡ ᠠᠴᠠ 24 ᠨᠡᠷ᠎ᠡ ᠠᠵᠢᠯᠳᠠᠨ ᠢ ᠰᠤᠩᠭᠤᠵᠤ ︽ | ᠰᠢᠨ᠎ᠡ ᠴᠠᠭ ᠡᠷᠢᠨ ᠤ ᠳᠠᠶᠢᠯᠪᠦᠷᠢᠯᠠᠨ ᠶᠠᠷᠢᠬᠤ ᠳᠤᠭᠤᠶᠢᠯᠠᠩ︾ ᠢ ᠪᠦᠷᠢᠯᠳᠦᠬᠦᠯᠵᠦ᠂ 13 ᠤᠳᠠᠭᠠᠨ ᠤ ᠬᠢᠴᠢᠶᠡᠯ | ᠤᠷᠤᠵᠤ᠂ 2900 ᠢᠯᠡᠬᠦᠦ ᠬᠦᠮᠦᠨ ᠳᠤ ᠬᠦᠮᠦᠵᠢᠯ ᠬᠦᠷᠳᠡᠭᠡᠪᠡ᠃ ︽ᠮᠠᠯᠵᠢᠬᠤ ᠳᠠᠷᠢᠶᠠᠯᠠᠬᠤ ᠤᠷᠤᠨ ᠤ | ᠨᠠᠮ ᠤᠨ ᠬᠡᠰᠢᠬᠦᠳ ᠤᠨ ᠰᠠᠬᠢᠯᠭ᠎ᠠ ᠪᠠᠳᠤ ᠲᠦᠷᠢᠮ ᠳᠤᠭᠳᠠᠭᠠᠯ ᠢ ᠵᠦᠷᠢᠴᠡᠭᠰᠡᠨ ᠨᠡᠶᠢᠳᠡᠯᠢᠭ ᠬᠡᠷᠡᠭ ᠤᠨ ᠵᠢᠱᠢᠶ᠎ᠡ︾ | ᠶᠢ 300 ᠢᠯᠡᠬᠦᠦ ᠬᠤᠪᠢ ᠳᠠᠷᠬᠠᠭᠠᠪᠠ᠃ ᠰᠤᠪᠤᠷᠭ᠎ᠠ ᠨᠡᠬᠡᠬᠡᠯᠳᠡ ᠶᠢᠨ ᠤᠷᠤᠨ ᠳᠠᠬᠢ ᠠᠷᠢᠭᠤᠨ ᠴᠢᠬᠡᠴᠢ ᠪᠠᠷ | ᠵᠠᠰᠠᠭ ᠪᠠᠷᠢᠬᠤ ᠰᠠᠭᠤᠷᠢᠨ ᠭᠠᠵᠠᠷ᠂ ᠰᠠᠭᠠᠩ ᠰᠡᠴᠡᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠤᠷᠭᠠᠨ | ᠬᠦᠮᠦᠵᠢᠯ ᠤᠨ ᠳᠡᠯᠬᠡᠨ ᠦᠵᠡᠬᠦᠯᠬᠡ ᠶᠢᠨ ᠲᠢᠩᠬᠢᠮ᠂ ᠳᠠᠪᠴᠠᠭ ᠴᠢᠬᠡᠴᠢ ᠵᠠᠰᠠᠭᠯᠠᠯ ᠤᠨ ᠴᠡᠴᠡᠷᠯᠢᠭ ᠵᠡᠷᠬᠡ ᠪᠠᠷ | ᠳᠠᠮᠵᠢᠭᠤᠯᠵᠤ᠂ 5300 ᠢᠯᠡᠬᠦᠦ ᠬᠦᠮᠦᠨ ᠳᠤ ᠬᠦᠮᠦᠵᠢᠯ ᠬᠦᠷᠳᠡᠬᠡᠪᠡ᠃ ᠬᠤᠯᠪᠤᠭᠠᠰᠤ᠄ | ︽3 + 5︾ ᠳᠤᠰᠬᠠᠶ ᠴᠡᠭᠴᠡᠯᠡᠨ ᠵᠠᠰᠠᠬᠤ ᠠᠵᠢᠯᠯᠠᠭ᠎ᠠ | ᠭᠤᠷᠪᠠ ᠭᠡᠳᠡᠭ ᠨᠢ᠄ | 1᠂ ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ | 2᠂ ᠤᠷᠴᠢᠨ ᠳᠤᠭᠤᠷᠢᠨ ᠤ ᠪᠤᠬᠢᠷᠳᠤᠯ ᠢ ᠰᠡᠷᠭᠡᠶᠢᠯᠡᠨ ᠵᠠᠰᠠᠬᠤ | 3᠂ ᠬᠥᠨᠳᠤ ᠶᠡᠭᠡ ᠠᠶᠤᠯ ᠲᠥᠭᠰᠢᠭᠦᠷᠢ ᠶᠢ ᠰᠡᠷᠭᠡᠶᠢᠯᠡᠨ ᠨᠠᠮᠳᠠᠭᠠᠬᠤ | ᠳᠠᠪᠤ ᠭᠡᠳᠡᠭ ᠨᠢ | 1᠂ ᠲᠥᠪ ᠤᠨ ᠨᠠᠢᠮᠠᠨ ᠵᠤᠷᠪᠤᠰ ᠳᠤᠭᠳᠠᠭᠠᠯ ᠢ ᠵᠥᠷᠢᠴᠡᠭᠰᠡᠳ ᠢ ᠪᠠᠶᠢᠴᠠᠭᠠᠨ ᠰᠢᠢᠳᠪᠤᠷᠢᠯᠡᠬᠦ | 2᠂ ᠬᠠᠷ᠎ᠠ ᠪᠥᠯᠥᠭᠳᠡᠨ ᠬᠠᠷᠬᠢᠰ ᠬᠥᠴᠥᠳᠡᠨ ᠢ ᠠᠷᠢᠯᠭᠠᠬᠤ ᠳᠤᠰᠬᠠᠢ ᠳᠡᠮᠡᠴᠡᠯ ᠳᠤ ᠬᠢᠨᠠᠯᠳᠠ ᠳᠠᠯᠪᠢᠬᠤ | 3᠂ ᠬᠡᠯᠪᠡᠷᠢ ᠶᠢᠨ ᠥᠵᠡᠯ᠂ ᠨᠤᠶᠠᠨᠴᠢ ᠰᠤᠷᠳᠠᠯ ᠤᠨ ︽ᠠᠷᠪᠠᠨ ᠵᠥᠢᠯ ᠤᠨ ᠢᠯᠡᠷᠡᠯ︾ ᠢ ᠲᠥᠪᠯᠡᠷᠡᠭᠦᠯᠥᠨ | ᠵᠠᠰᠠᠬᠤ | 4᠂ ︽ᠵᠠᠪᠰᠡᠷ ᠠᠴᠠ ᠨᠢ ᠰᠠᠭᠤᠯᠭᠠᠬᠤ︾ ᠮᠠᠶ᠋ᠢᠭ ᠤᠨ ᠢᠯᠵᠠᠷᠠᠯ ᠢ ᠲᠥᠪᠯᠡᠷᠡᠭᠦᠯᠥᠨ ᠵᠠᠰᠠᠬᠤ | 5᠂ ︽ᠭᠤᠷᠪᠠᠨ ᠶᠠᠪᠤᠳᠠᠯ︾ ᠢ ᠢᠯᠡ ᠪᠤᠯᠭᠠᠬᠤ ᠠᠵᠢᠯ ᠳᠤ ᠬᠢᠨᠠᠯᠳᠠ ᠳᠠᠯᠪᠢᠬᠤ | | |