2019 ᠣᠨ ᠤ ᠪᠦᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-05-24
     5 ᠰᠠᠷ᠎ᠠ ᠶᠢᠨ 21 ᠤ ᠡᠳᠦᠷ 2019 ᠣᠨ ᠤ ᠪᠦᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠠᠵᠢᠯ ᠤᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠬᠤᠷᠠᠯ  ᠳᠤ ᠣᠷᠣᠯᠴᠠᠵᠦ ᠶᠠᠷᠢᠶ᠎ᠠ ᠳᠠᠯᠪᠢᠪᠠ᠃ ᠡᠯ᠎ᠡ ᠠᠵᠣ ᠠᠬᠤᠢ ᠶᠢᠨ ᠨᠡᠬᠡᠬᠡᠯᠳᠡ ᠶᠢᠨ ᠣᠷᠣᠨ ︵ ᠬᠦᠷᠢᠶᠡᠯᠡᠩ ᠳᠣᠭᠤᠷᠢᠭ︶᠂ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠡᠯ᠎ᠡ ᠰᠣᠮᠣ ᠪᠠᠯᠭᠠᠰᠣ᠂  ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠣᠯᠣᠰ ᠤᠨ ᠭᠠᠶᠢᠯᠢ ᠶᠢᠨ ᠶᠡᠷᠦᠩᠬᠡᠢ ᠲᠤᠪᠴᠢᠶᠠᠨ ᠤ ᠦᠤᠰᠢᠨ ᠬᠤᠰᠢᠭᠤᠨ ᠤ ᠭᠠᠶᠢᠯᠢ  ᠶᠢᠨ ᠳᠣᠪᠴᠢᠶ᠎ᠠ᠂ ᠰᠣᠪᠣᠷᠭ᠎ᠠ ᠭᠠᠶᠢᠯᠢ ᠶᠢᠨ ᠳᠣᠪᠴᠢᠶᠠᠨ ᠤ ᠬᠠᠷᠢᠭᠤᠴᠠᠯᠭᠠᠳᠠᠨ ᠲᠤᠰ ᠲᠤᠰ ᠡᠨᠡ ᠵᠢᠯ ᠤᠨ 1 — 4 ᠰᠠᠷ᠎ᠠ ᠶᠢᠨ ᠭᠠᠶᠢᠯᠢ ᠬᠤᠷᠢᠶᠠᠯᠲᠠ ᠶᠢᠨ ᠠᠵᠢᠯ ᠤᠨ ᠪᠠᠶᠢᠳᠠᠯ ᠢ ᠨᠡᠶᠢᠳᠡᠯᠡᠵᠦ᠂ ᠬᠤᠰᠢᠭᠤ ᠡᠳ᠋ ᠤᠨ ᠵᠠᠰᠠᠭ ᠤᠨ ᠲᠤᠪᠴᠢᠶ᠎ᠠ ᠡᠨᠡ ᠵᠢᠯ ᠤᠨ 1 — 4 ᠰᠠᠷ᠎ᠠ ᠶᠢᠨ ᠪᠦᠬᠦ ᠬᠤᠰᠢᠭᠤᠨ ᠤ ᠡᠳ᠋ ᠤᠨ ᠵᠠᠰᠠᠭ ᠤᠨ ᠡᠷᠬᠢᠯᠳᠡ ᠶᠢᠨ ᠪᠠᠶᠢᠳᠠᠯ ᠢ ᠨᠡᠶᠢᠳᠡᠯᠡᠬᠦ ᠶᠢᠨ ᠬᠠᠮᠲᠣ ᠳᠠᠷᠠᠭᠠᠴᠢ ᠶᠢᠨ ᠨᠢᠭᠡ ᠬᠤᠭᠤᠴᠠᠭᠠᠨ ᠤ ᠠᠵᠢᠯ ᠳᠤ ᠪᠠᠶᠢᠷᠢᠯᠠᠭᠤᠯᠣᠯᠲᠠ ᠬᠢᠵᠦ᠂ ᠬᠤᠰᠢᠭᠤ ᠬᠢᠨᠠᠨ ᠪᠣᠳᠣᠬᠤ ᠳᠣᠪᠴᠢᠶ᠎ᠠ ᠡᠳ᠋ ᠤᠨ ᠶᠠᠪᠣᠳᠠᠯ ᠤᠨ ᠬᠠᠮᠢᠶᠠᠷᠣᠯᠳᠠ ᠶᠢ ᠬᠡᠷᠬᠢᠨ ᠰᠠᠶᠢᠲᠤᠷ ᠬᠢᠬᠦ ᠳᠣᠬᠠᠢ ᠶᠠᠷᠢᠶ᠎ᠠ ᠳᠠᠯᠪᠢᠪᠠ᠃      ᠵᠠᠩ ᡁᠢ ᠰᠢᠦ᠋ᠩ ᠵᠢᠭᠠᠬᠤ ᠳᠠᠭᠠᠨ᠂ ᠡᠳ᠋ ᠤᠨ ᠵᠠᠰᠠᠭ ᠪᠣᠯ ᠡᠯ᠎ᠡ ᠳᠦᠷᠦᠯ ᠤᠨ ᠠᠵᠢᠯ ᠦᠷᠨᠢᠬᠦᠯᠬᠦ ᠶᠢᠨ ᠴᠢᠬᠤᠯᠠ ᠪᠠᠳᠣᠯᠠᠭ᠎ᠠ ᠮᠦᠨ᠂ ᠡᠳ᠋ ᠤᠨ ᠵᠠᠰᠠᠭ ᠤᠨ ᠣᠷᠣᠯᠭ᠎ᠠ ᠨᠡᠮᠡᠭᠳᠡᠮᠡᠨᠵᠢᠨ ᠰᠠᠶ᠋ᠢ ᠳᠦᠷᠦᠯ ᠵᠦᠢᠯ ᠤᠨ ᠪᠦᠲᠦᠬᠡᠨ ᠪᠠᠶᠢᠭᠤᠯᠣᠯᠲᠠ ᠣᠷᠣᠭᠰᠢᠳᠠᠢ ᠪᠣᠯᠵᠦ᠂ ᠠᠷᠠᠳ ᠤᠨ ᠠᠮᠢᠳᠣᠷᠠᠯ ᠤᠨ ᠪᠤᠳᠠᠲᠤ ᠣᠴᠢᠷ ᠪᠦᠬᠦ ᠳᠠᠯ᠎ᠠ ᠪᠠᠷ ᠨᠠᠶᠢᠳᠠᠪᠤᠷᠢᠵᠢᠨ᠂ ᠪᠠᠶᠢᠭᠤᠯᠣᠮᠵᠢ ᠶᠢᠨ ᠡᠷᠬᠢᠯᠳᠡ ᠪᠠᠳᠣᠯᠠᠭ᠎ᠠ ᠲᠠᠢ ᠪᠣᠯᠵᠦ᠂ ᠵᠠᠰᠠᠭ ᠤᠨ ᠣᠷᠳᠣᠨ ᠤ ᠴᠢᠨᠠᠷᠳᠠᠢ ᠦᠷᠢ ᠦᠭᠴᠡᠭᠡᠨ ᠤ ᠳᠦᠭᠰᠢᠬᠦᠷᠢ ᠳᠣᠭᠳᠠᠭᠤᠨ ᠢᠶᠠᠷ  ᠰᠢᠢᠳᠪᠦᠷᠢᠯᠡᠭᠳᠡᠨ᠎ᠡ᠃ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠦᠵᠡᠯ ᠰᠠᠨᠠᠭ᠎ᠠ ᠪᠠᠨ ᠨᠢᠭᠡᠳᠬᠡᠵᠦ ᠡᠳ᠋ ᠤᠨ ᠵᠠᠰᠠᠭ ᠤᠨ ᠠᠵᠢᠯ ᠤᠨ ᠬᠠᠷᠢᠭᠤᠴᠠᠯᠭᠠᠲᠣ ᠣᠪᠣᠷ ᠢᠶᠠᠨ ᠳᠡᠭᠡᠭᠰᠢᠯᠡᠬᠦᠯᠬᠦ ᠬᠡᠷᠡᠭᠲᠡᠢ ᠬᠡᠪᠡ᠃      ᠵᠠᠩ ᡁᠢ ᠰᠢᠦ᠋ᠩ ᠴᠢᠬᠤᠯᠠᠴᠢᠯᠠᠬᠤ ᠳᠠᠭᠠᠨ᠂ ᠪᠦᠬᠦ ᠬᠤᠰᠢᠭᠤ ᠪᠠᠷ ᠢᠶᠠᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠠᠵᠢᠯ ᠢ ᠳᠡᠮᠵᠢᠨ ᠬᠠᠪᠰᠣᠷᠴᠦ ᠦᠵᠡᠯ ᠣᠬᠠᠮᠰᠠᠷ ᠢᠶᠠᠨ ᠳᠡᠭᠡᠭᠰᠢᠯᠡᠬᠦᠯᠵᠦ  ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠠᠵᠢᠯᠯᠠᠬᠤ ᠳᠦᠪᠰᠢᠨ ᠢ ᠳᠡᠭᠡᠭᠰᠢᠯᠡᠬᠦᠯᠬᠦ ᠬᠡᠷᠡᠭᠲᠡᠢ᠃ ᠡᠬᠦᠷᠭᠡ᠂ ᠠᠷᠭ᠎ᠠ ᠪᠠᠷᠢᠯ ᠢᠶᠠᠨ ᠨᠠᠷᠢᠯᠢᠭᠵᠢᠭᠤᠯᠵᠦ᠂ ᠬᠠᠣᠯᠢ ᠶᠣᠰᠣᠭᠠᠷ ᠭᠠᠶᠢᠯᠢ ᠳᠠᠳᠠᠪᠣᠷᠢᠯᠠᠬᠤ ᠬᠠᠮᠢᠶᠠᠷᠤᠯᠲᠠ ᠶᠢ ᠴᠢᠩᠭᠠᠳᠬᠠᠵᠦ ᠣᠯᠠᠨ ᠠᠷᠭ᠎ᠠ ᠪᠠᠷᠢᠯ ᠢᠶᠠᠷ ᠣᠷᠣᠯᠭ᠎ᠠ ᠶᠢᠨ ᠬᠠᠷᠠᠯᠳᠠᠳᠣ ᠡᠬᠦᠷᠭᠡ ᠪᠠᠨ ᠳᠦᠰᠦᠪᠯᠡᠭᠰᠡᠨ ᠬᠤᠭᠤᠴᠠᠭᠠᠨ ᠳᠠᠭᠠᠨ ᠪᠡᠶᠡᠯᠡᠬᠦᠯᠬᠦ ᠬᠡᠷᠡᠭᠲᠡᠢ᠃ ᠵᠠᠷᠣᠳᠠᠯ ᠤᠨ ᠬᠠᠮᠢᠶᠠᠷᠣᠯᠳᠠ ᠶᠢ ᠴᠢᠩᠭᠠᠳᠬᠠᠵᠦ ᠠᠷᠪᠢᠯᠠᠨ  ᠭᠠᠮᠨᠠᠵᠦ ᠡᠳ᠋ ᠤᠨ ᠵᠠᠰᠠᠭ ᠤᠨ ᠪᠡᠯᠡ ᠮᠦᠩᠬᠦᠨ ᠤ ᠬᠡᠷᠡᠭᠯᠡᠯᠳᠡ ᠶᠢᠨ ᠦᠷ᠎ᠡ ᠠᠰᠢᠭ ᠢ ᠪᠠᠳᠣᠯᠠᠵᠦ ᠦᠷᠢ ᠦᠭᠴᠡᠭᠡ  ᠶᠢ ᠢᠳᠡᠪᠬᠢᠲᠡᠢ ᠨᠠᠮᠳᠠᠭᠤᠯᠵᠦ ᠮᠦᠩᠬᠦᠨ ᠬᠦᠢᠯᠬᠡᠬᠡᠨ ᠤ ᠦᠷᠢ ᠦᠭᠴᠡᠭᠡ ᠶᠢ ᠰᠠᠶᠢᠳᠣᠷ ᠰᠢᠢᠳᠪᠦᠷᠢᠯᠡᠵᠤ ᠣᠯᠣᠰ  ᠤᠨ ᠦᠮᠴᠢᠯᠡᠯᠳᠦ ᠠᠵᠣ ᠠᠬᠤᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠵᠤ ᠡᠳ᠋ ᠤᠨ ᠵᠠᠰᠠᠭ᠂ ᠮᠦᠩᠬᠦᠨ ᠬᠦᠢᠯᠬᠡᠬᠡᠨ ᠤ ᠳᠦᠭᠰᠢᠬᠦᠷᠢ ᠶᠢ ᠰᠡᠷᠭᠡᠶᠢᠯᠡᠨ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠲᠠ ᠶᠢ ᠴᠢᠩᠭᠠᠳᠬᠠᠨ ᠠᠵᠢᠯ ᠤᠨ ᠰᠣᠷᠳᠠᠯ ᠢᠶᠠᠨ ᠦᠬᠡᠷᠡᠴᠢᠯᠡᠵᠦ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠡᠯ᠎ᠡ ᠳᠦᠷᠦᠯ ᠤᠨ ᠡᠬᠦᠷᠭᠡ ᠶᠢᠨ ᠣᠷᠣᠭᠰᠢᠳᠠᠢ ᠪᠡᠶᠡᠯᠡᠬᠦᠯᠬᠦ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号