ᠣᠶᠢᠷ᠎ᠠ ᠶᠢᠨ ᠡᠳᠦᠷ᠂ ︽ᠲᠦᠮᠡᠨ ᠨᠣᠮ ᠤᠨ ᠬᠡᠰᠢᠭ︾ ᠢ ᠦᠷᠳᠡᠬᠡᠯᠡᠨ ᠲᠠᠷᠬᠠᠭᠠᠬᠤ ᠠᠵᠢᠯᠯᠠᠭ᠎ᠠ ᠮᠠᠨ ᠤ | ᠬᠤᠰᠢᠭᠤᠨ ᠤ ᠰᠣᠶᠣᠯ ᠤᠨ ᠪᠦᠳᠣᠬᠡᠯᠳᠡ ᠠᠵᠣ ᠣᠶᠢᠯᠡᠰ ᠤᠨ ᠬᠦᠷᠢᠶᠠᠯᠠᠩ ᠳᠤ ᠶᠠᠪᠤᠭᠳᠠᠵᠤ ᠮᠠᠨ ᠤ ᠬᠤᠰᠢᠭᠤᠨ ᠤ | ᠮᠣᠩᠭᠤᠯ ᠰᠤᠷᠤᠭᠴᠢᠳ ᠲᠤ ᠮᠢᠩᠭ᠎ᠠ ᠲᠠᠪᠤᠨ ᠵᠠᠭᠤᠨ ᠲᠡᠪᠲᠡᠷ ︽ᠮᠢᠨᠤ ᠤᠩᠰᠢᠭᠰᠠᠨ ᠴᠢᠩᠭᠢᠰ ᠬᠠᠭᠠᠨ︾ ᠬᠡᠮᠡᠬᠦ ᠨᠣᠮ ᠢ | ᠦᠨ᠎ᠡ ᠲᠦᠯᠦᠪᠤᠷᠢ ᠦᠭᠡᠢ ᠪᠠᠷ ᠬᠦᠷᠭᠡᠵᠦ ᠬᠡᠦᠬᠡᠳ ᠪᠠᠭᠠᠴᠤᠳ ᠲᠤ ᠨᠣᠮ ᠪᠢᠴᠢᠭ ᠤᠨ ᠰᠢᠮ᠎ᠠ ᠢ ᠬᠦᠷᠳᠡᠬᠡᠭᠰᠡᠨ ᠪᠠᠶᠢᠨ᠎ᠠ᠃ | ᠲᠤᠰ ᠠᠵᠢᠯᠯᠠᠭ᠎ᠠ ᠶᠢ ᠵᠠᠯᠠᠭᠤ ᠦᠢᠯᠡᠰ ᠪᠦᠲᠦᠭᠡᠭᠴᠢ ᠤᠳᠤᠨᠬᠡᠷᠡᠯ ᠪᠣᠯᠤᠨ ᠦᠤᠰᠢᠨ ᠬᠤᠰᠢᠭᠤᠨ ᠤ ︽ᠠᠳᠡ︾ | ᠨᠡᠶᠢᠬᠡᠮᠯᠢᠭ ᠬᠠᠮᠲᠤᠷᠠᠨ ᠬᠢᠵᠤ ᠰᠤᠷᠤᠭᠴᠢᠳ ᠪᠣᠯᠤᠨ ᠭᠡᠷ ᠤᠨ ᠠᠬᠠᠮᠠᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ | ᠃ | ᠤᠳᠤᠨᠬᠡᠷᠡᠯ ᠪᠣᠯ ᠥᠬᠡᠯᠦᠨ ᠰᠤᠷᠭᠠᠨ ᠬᠦᠮᠦᠵᠢᠯ ᠤᠨ ᠺᠣᠮᠫᠠᠨᠢ ᠶᠢᠨ ᠶᠠᠷᠦᠩᠬᠡᠢ ᠵᠠᠬᠢᠷᠤᠯ᠂ ᠦᠭᠡᠯᠦᠨ ᠠᠷᠠᠯᠵᠢᠶ᠎ᠠ | ᠬᠤᠳᠠᠯᠳᠤᠭᠠᠨ ᠤ ᠰᠤᠯᠢᠯᠴᠠᠭᠠᠨ ᠤ ᠲᠠᠪᠴᠠᠩ ᠤᠨ ᠡᠬᠦᠰᠬᠡᠨ ᠪᠠᠶᠢᠭᠤᠯᠤᠭᠴᠢ ᠪᠤᠯᠬᠤ ᠶᠤᠮ᠃ ᠤᠳᠤᠨᠬᠡᠷᠡᠯ ︽ᠮᠢᠨᠤ | ᠤᠩᠰᠢᠭᠰᠠᠨ ᠴᠢᠩᠬᠢᠰ ᠬᠠᠭᠠᠨ︾ ᠭᠡᠬᠦ ᠨᠣᠮ ᠢ 2017 ᠣᠨ ᠳᠤ ᠡᠬᠢᠯᠡᠨ ᠪᠢᠴᠢᠵᠦ 2018 ᠤᠨ ᠤ 8 ᠰᠠᠷ᠎ᠠ ᠠᠴᠠ | ᠤᠳᠤᠬᠠᠨ ᠪᠤᠯᠳᠠᠯ᠎ᠠ ᠲᠥᠷᠪᠡᠨ ᠲᠦᠮᠡ ᠰᠢᠬᠠᠮ ᠲᠡᠪᠳᠡᠷ ᠢ ᠨᠡᠶᠢᠬᠡᠮ ᠨᠡᠶᠢᠲᠡ ᠳᠤ ᠦᠨ᠎ᠡ ᠲᠥᠯᠦᠪᠤᠷᠢ ᠦᠭᠡᠢ | ᠲᠠᠷᠬᠠᠭᠠᠭᠰᠠᠨ ᠪᠠᠶᠢᠨ᠎ᠠ᠃ | ᠤᠳᠤᠨᠬᠡᠷᠡᠯ ᠄ ︽ᠳᠣᠰ ᠨᠣᠮ ᠢ ᠪᠣᠯ ᠮᠠᠨ ᠤ ︿ᠮᠣᠩᠭᠤᠯ ᠤᠨ ᠨᠢᠭᠤᠴᠠ ᠲᠣᠪᠴᠢᠶᠠᠨ﹀ ᠠᠴᠠ ᠰᠡᠳᠦᠪᠯᠡᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠩᠰᠢᠬᠤ ᠳᠤ ᠲᠦᠭᠦᠮ ᠪᠤᠯᠭᠠᠵᠤ ᠠᠭᠤᠯᠭ᠎ᠠ ᠶᠢ ᠬᠠᠮᠤᠭ ᠤᠨ ᠲᠦᠬᠦᠮ | ᠠᠪᠰᠠᠷ ᠬᠡᠯᠡ ᠪᠠᠷ ᠨᠠᠶᠢᠷᠠᠭᠤᠯᠤᠭᠰᠠᠨ ᠶᠤᠮ᠃ ᠲᠡᠭᠡᠭᠡᠳ ᠡᠨᠡ ᠤᠳᠠᠭᠠᠨ ᠤ ᠬᠦᠳᠡᠯᠭᠡᠭᠡᠨ ᠢ ︿ᠠᠳᠡ﹀ ᠨᠡᠶᠢᠬᠡᠮᠯᠢᠭ | ᠳᠡᠳᠬᠦᠨ ᠬᠠᠯᠠᠮᠵᠢᠯᠠᠵᠤ ᠮᠠᠨ ᠤ ᠬᠤᠶᠠᠷ ᠲᠠᠯ᠎ᠠ ᠶᠢᠨ ᠺᠤᠮᠫᠠᠨᠢ ᠶᠢᠨ ᠬᠠᠨᠳᠢᠪ ᠢᠶᠠᠷ ᠦᠤᠰᠢᠨ ᠬᠤᠰᠢᠭᠤᠨ ᠳᠤ ᠲᠠᠷᠬᠠᠭᠠᠭᠰᠠᠨ | ᠪᠠᠶᠢᠨ᠎ᠠ︾᠃ | ᠦᠤᠰᠢᠨ ᠬᠤᠰᠢᠭᠤᠨ ᠤ ︽ᠠᠳᠡ︾ ᠨᠡᠶᠢᠬᠡᠮᠯᠢᠭ ᠨᠢ 2018 ᠣᠨ ᠳᠤ ᠪᠠᠶᠢᠭᠤᠯᠤᠭᠳᠠᠵᠤ ᠺᠤᠮᠫᠠᠨᠢ᠂ | ᠴᠢᠯᠦᠭᠡᠲᠦ ᠳᠡᠯᠭᠡᠭᠦᠷ᠂ ᠮᠠᠯᠵᠢᠯ ᠤᠨ ᠲᠠᠯᠠᠪᠠᠢ ᠵᠡᠷᠭᠡ ᠭᠤᠷᠪᠠᠨ ᠬᠡᠰᠡᠭ ᠢᠶᠠᠷ ᠪᠦᠷᠢᠯᠳᠦᠵᠦ ᠮᠠᠯᠴᠢᠳ ᠤᠨ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠲᠤᠤᠷ ᠰᠦᠯᠵᠢᠶ᠎ᠡ ᠪᠠᠷ ᠪᠣᠷᠣᠯᠠᠭᠤᠯᠬᠤ᠂ ᠮᠠᠯᠴᠢᠳ ᠤᠨ ᠡᠳᠦᠷ ᠲᠣᠲᠣᠮ ᠤᠨ ᠠᠮᠢᠳᠤᠷᠠᠯ | ᠤᠨ ᠪᠠᠷᠠᠭ᠎ᠠ ᠲᠠᠸᠠᠷ ᠢ ᠬᠠᠷᠢᠴᠠᠩᠭᠤᠢ ᠬᠢᠮᠳᠠ ᠦᠨ᠎ᠡ ᠪᠠᠷ ᠬᠦᠷᠭᠡᠬᠦ᠂ ᠰᠣᠶᠣᠯ ᠤᠨ ᠠᠵᠣ ᠣᠶᠢᠯᠡᠰ ᠲᠤ ᠬᠠᠨᠳᠢᠪ ᠡᠷᠬᠦᠬᠦ | ᠵᠡᠷᠭᠡ ᠶᠢᠨ ᠪᠣᠳᠡᠳᠡᠢ ᠠᠵᠢᠯ ᠬᠢᠵᠣ ᠪᠠᠶᠢᠨ᠎ᠠ᠃ |