ᠬᠤᠷᠢ ᠶᠢᠰᠦᠳᠡᠬᠢ ᠪᠦᠬᠦ ᠤᠯᠤᠰ ᠤᠨ ᠵᠡᠮᠳᠡᠭᠴᠣᠳ ᠤᠨ ᠡᠳᠦᠷ ᠬᠦᠷᠴᠣ ᠢᠷᠡᠬᠦ ᠪᠠᠷ ᠮᠠᠨ ᠤ ᠬᠤᠰᠢᠭᠤᠨ | ᠤ ᠵᠡᠮᠳᠡᠭᠴᠣᠳ ᠤᠨ ᠬᠤᠯᠪᠣᠭᠠᠳᠣ ᠬᠤᠷᠠᠯ ᠠᠴᠠ ︽ᠥᠪᠡᠷ ᠢᠶᠠᠨ ᠬᠦᠴᠦᠷᠭᠡᠭᠵᠢᠨ ᠶᠠᠳᠠᠭᠤ ᠠᠴᠠ ᠠᠩᠬᠢᠵᠢᠷᠠᠵᠤ | ᠴᠢᠨᠡᠭᠡᠯᠢᠭ ᠠᠮᠢᠳᠣᠷᠠᠯ ᠢ ᠬᠠᠮᠳᠣᠪᠠᠷ ᠡᠳ᠋ᠯᠡᠬᠦ︾ ᠭᠤᠤᠯ ᠰᠡᠳᠦᠪᠳᠦ ᠪᠠᠶᠠᠯᠢᠭ ᠠᠭᠤᠯᠭ᠎ᠠ ᠲᠠᠢ ᠠᠵᠢᠯᠯᠠᠭ᠎ᠠ | ᠦᠷᠨᠢᠬᠦᠯᠪᠡ᠃ | ᠲᠤᠰ ᠣᠳᠠᠭᠠᠨ ᠤ ᠠᠵᠢᠯᠯᠠᠭ᠎ᠠ ᠳᠤ ᠬᠤᠰᠢᠭᠤ ᠵᠡᠮᠳᠡᠭᠴᠣᠳ ᠤᠨ ᠬᠤᠯᠪᠤᠭᠠᠲᠤ ᠬᠤᠷᠠᠯ ᠨᠢ ᠨᠡᠶᠢᠬᠡᠮ ᠤᠨ | ᠰᠠᠶᠢᠨ ᠳᠣᠷᠠᠴᠣᠳ ᠲᠠᠢ ᠬᠠᠮᠳᠣᠷᠠᠨ ᠬᠤᠰᠢᠭᠤ ᠶᠡᠷᠦᠩᠬᠡᠶᠢᠯᠡᠭᠰᠡᠨ ᠨᠡᠶᠢᠬᠡᠮ ᠤᠨ ᠠᠰᠠᠷᠠᠮᠵᠢ ᠶᠢᠨ ᠲᠦᠪ ᠲᠤ | ᠬᠦᠷᠴᠦ ᠨᠠᠰᠣᠲᠠᠶᠢᠴᠣᠳ ᠲᠤ 5 ᠵᠡᠮᠳᠡᠭᠴᠣᠣᠨ ᠤᠨ ᠬᠦᠷᠳᠦᠳᠦ ᠳᠡᠷᠭᠡ ᠬᠦᠷᠭᠡᠬᠦ ᠶᠢᠨ ᠬᠠᠮᠲᠣ ᠬᠤᠰᠢᠭᠤ ᠮᠣᠷᠢᠨ | ᠬᠤᠭᠤᠷ ᠤᠨ ᠰᠢᠮᠫᠣᠨᠢ ᠬᠦᠭᠵᠢᠮ ᠤᠨ ᠪᠦᠯᠬᠦᠮ ᠢ ᠣᠷᠢᠵᠦ ᠨᠠᠰᠣᠲᠠᠶᠢᠴᠣᠳ ᠲᠤ ᠣᠷᠠᠨ ᠰᠠᠶᠢᠬᠠᠨ ᠤ ᠲᠣᠭᠯᠠᠯᠲᠠ | ᠭᠠᠷᠭᠠᠭᠰᠠᠨ ᠪᠠᠶᠢᠨ᠎ᠠ᠃ ᠬᠤᠰᠢᠭᠤ ᠵᠡᠮᠳᠡᠭᠴᠣᠳ ᠤᠨ ᠬᠤᠯᠪᠤᠭᠠᠲᠤ ᠬᠤᠷᠠᠯ ᠪᠠᠰᠠ ᠨᠡᠶᠢᠬᠡᠮ ᠤᠨ ᠰᠠᠶᠢᠨ | ᠳᠣᠷᠠᠴᠣᠳ ᠲᠠᠢ ᠬᠠᠮᠳᠣ ᠪᠠᠷ ᠬᠤᠰᠢᠭᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠳᠤ ᠬᠦᠷᠴᠦ | ᠭᠠᠯᠠᠭᠤᠳᠣ ᠪᠠᠯᠭᠠᠰᠣᠨ ᠳᠣᠭᠤᠷᠢᠭ ᠤᠨ ᠵᠠᠮᠳᠡᠭᠴᠣᠳ ᠲᠤ ᠳᠣᠳᠣᠷᠭ᠎ᠠ᠂ ᠢᠳᠡᠰᠢᠨ ᠲᠣᠰᠣ ᠵᠡᠷᠭᠡ ᠲᠣᠬᠤᠨᠢᠭᠤᠯᠭ᠎ᠠ | ᠶᠢᠨ ᠪᠣᠳᠠᠰ ᠬᠦᠷᠭᠡᠨ ᠠᠬᠤᠢ ᠲᠠᠯᠠᠪᠠᠢ ᠳᠤ ᠡᠮᠴᠢ ᠨᠠᠷ ᠠᠴᠠ ᠦᠨ᠎ᠡ ᠲᠦᠯᠦᠪᠤᠷᠢ ᠦᠬᠡᠢ ᠪᠠᠷ ᠡᠮᠴᠢᠯᠡᠭᠡ ᠬᠢᠭᠰᠡᠨ | ᠪᠠᠶᠢᠨ᠎ᠠ᠃ | ᠡᠨ᠋ᠨ ᠣᠳᠠᠭᠠᠨ ᠤ ᠵᠡᠮᠳᠡᠭᠴᠣᠣᠨ ᠢ ᠬᠠᠯᠠᠮᠵᠢᠯᠠᠬᠤ ᠠᠵᠢᠯᠯᠠᠭ᠎ᠠ ᠳᠤ ᠪᠠᠰᠠ ᠴᠦᠬᠡᠨ ᠪᠣᠰᠣ ᠬᠤᠪᠢ ᠶᠢᠨ | ᠡᠵᠡᠩᠨᠡᠯᠲᠡ ᠶᠢᠨ ᠠᠵᠣ ᠠᠬᠤᠶᠢᠯᠡᠯ ᠣᠷᠣᠯᠴᠠᠵᠣ ᠵᠡᠮᠳᠡᠭᠴᠣᠣᠨ ᠤᠨ ᠣᠶᠢᠯᠡᠰ ᠲᠤ ᠬᠤᠪᠢ ᠨᠡᠮᠡᠷᠢ ᠪᠠᠨ ᠦᠵᠡᠬᠦᠯᠪᠡ | ᠃ ᠬᠤᠰᠢᠭᠤ ᠰᠢᠨ ᠺᠠᠩ ᠡᠮᠨᠡᠯᠬᠡ ᠶᠢᠨ ᠬᠤᠷᠢᠶᠠᠨ ᠠᠴᠠ ᠨᠠᠰᠣᠲᠠᠶᠢᠴᠣᠳ ᠲᠤ ᠦᠨ᠎ᠡ ᠳᠦᠯᠣᠪᠣᠷᠢ ᠦᠬᠡᠢ ᠪᠠᠶ᠎ᠡ | ᠶᠢᠨ ᠪᠠᠶᠢᠴᠠᠭᠠᠯᠲᠠ᠂ ᠰᠡᠷᠬᠡᠶᠢᠯᠡᠭᠡ ᠶᠢᠨ ᠲᠣᠬᠠᠢ ᠣᠬᠠᠭᠤᠯᠭ᠎ᠠ ᠬᠢᠵᠣ ᠧᠨ ᠽᠧ ᠬᠤᠢ ᠮᠢᠨ ᠨᠡᠶᠢᠲᠡ ᠶᠢᠨ | ᠠᠰᠠᠷᠠᠮᠵᠢ ᠶᠢᠨ ᠨᠡᠶᠢᠬᠡᠮᠯᠢᠭ ᠤᠨ ᠰᠠᠶᠢᠨ ᠳᠣᠷᠠᠴᠣᠳ ᠨᠠᠰᠣᠲᠠᠶᠢᠴᠣᠳ ᠲᠤ ᠦᠨ᠎ᠡ ᠲᠦᠯᠦᠪᠤᠷᠢ ᠦᠬᠡᠢ ᠪᠠᠷ ᠦᠰᠦ | ᠵᠠᠰᠠᠬᠤ᠂ ᠬᠦᠯ ᠭᠠᠷ ᠢ ᠨᠢ ᠤᠬᠢᠶᠠᠬᠤ᠂ ᠭᠡᠷ ᠪᠠᠶᠢᠰᠢᠩ ᠢ ᠨᠢ ᠴᠡᠪᠡᠷᠯᠡᠬᠦ ᠵᠡᠷᠭᠡ ᠦᠢᠯᠡᠴᠢᠯᠡᠭᠡ ᠬᠠᠩᠭᠠᠭᠰᠠᠨ | ᠪᠠᠶᠢᠨ᠎ᠠ᠃ |