5 ᠰᠠᠷ᠎ᠠ ᠶᠢᠨ 17 ᠤ ᠡᠳᠦᠷ᠂ ᠵᠠᠰᠠᠭ ᠤᠨ ᠣᠷᠳᠣᠨ ᠤ ᠰᠢᠰᠲ᠋ᠧᠮ ᠤᠨ ᠬᠠᠷ᠎ᠠ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠠᠵᠢᠯ ᠢ ᠪᠠᠶᠢᠷᠢᠯᠠᠭᠤᠯᠣᠨ ᠠᠬᠢᠭᠤᠯᠬᠤ ᠬᠤᠷᠠᠯ ᠬᠤᠰᠢᠭᠤ ᠵᠠᠰᠠᠭ | ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠣᠣ ᠹᠧᠢ ᠯᠣ᠋ ᠬᠤᠷᠠᠯ ᠡᠷᠬᠢᠯᠡᠵᠦ ᠶᠠᠷᠢᠶ᠎ᠠ ᠳᠠᠯᠪᠢᠪᠠ᠃ ᠬᠤᠰᠢᠭᠤ ᠳᠡᠳ᠋ ᠳᠠᠷᠤᠭ᠎ᠠ ᠳᠣᠳᠣᠭᠠᠲᠣ | ᠶᠢ ᠬᠠᠮᠠᠭᠠᠯᠠᠬᠤ ᠳᠣᠪᠴᠢᠶᠠᠨ ᠳᠠᠷᠤᠭ᠎ᠠ ᠭᠤᠣ ᠬᠣ᠋ ᠪᠠ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ | ᠳᠣᠰᠬᠠᠢ ᠳᠡᠮᠡᠴᠡᠯ ᠤᠨ ᠣᠳᠣᠷᠢᠳᠬᠤ ᠳᠣᠭᠤᠶᠢᠯᠠᠩ ᠤᠨ ᠪᠦᠷᠢᠯᠳᠦᠬᠦᠨ ᠨᠢᠬᠡᠴᠢ ᠵᠢᠴᠢ ᠡᠯ᠎ᠡ ᠠᠵᠣ ᠠᠬᠤᠢ ᠶᠢᠨ | ᠨᠡᠬᠡᠬᠡᠯᠳᠡ ᠶᠢᠨ ᠣᠷᠣᠨ ︵ᠬᠦᠷᠢᠶᠡᠯᠡᠩ ᠳᠣᠭᠤᠷᠢᠭ︶᠂ ᠰᠣᠮᠣ ᠪᠠᠯᠭᠠᠰᠣᠨ ᠤ ᠬᠠᠷᠢᠭᠤᠴᠠᠯᠭᠠᠳᠠᠨ ᠬᠤᠷᠠᠯ ᠳᠤ | ᠣᠷᠣᠯᠴᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠳᠣᠰᠬᠠᠢ ᠳᠡᠮᠡᠴᠡᠯ ᠤᠨ ᠳᠣᠬᠠᠢ ᠴᠢᠬᠤᠯᠠ ᠶᠠᠷᠢᠶ᠎ᠠ᠂ ᠵᠢᠭᠠᠪᠣᠷᠢ ᠪᠠ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ | ᠶᠢ ᠣᠯᠠᠮᠵᠢᠯᠠᠨ ᠰᠣᠷᠣᠯᠴᠠᠵᠦ ᠪᠦᠬᠦ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ | ᠳᠡᠮᠡᠴᠡᠯ ᠤᠨ ᠠᠵᠢᠯ ᠤᠨ ᠪᠠᠶᠢᠳᠠᠯ ᠤᠨ ᠳᠣᠬᠠᠢ ᠮᠡᠳᠡᠬᠦᠯᠦᠯᠲᠡ ᠶᠢ ᠰᠣᠨᠣᠰᠴᠦ ᠳᠠᠷᠠᠭᠠᠴᠢ ᠶᠢᠨ ᠠᠯᠬᠤᠮ ᠤᠨ | ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠣᠯᠲᠠ ᠬᠢᠪᠡ᠃ | ᠵᠣᠣ ᠹᠧᠢ ᠯᠣ᠋ ᠵᠢᠭᠠᠬᠤ ᠳᠠᠭᠠᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ | ᠪᠣᠯ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠳᠦᠪ ᠬᠤᠷᠢᠶᠠᠨ ᠤ ᠴᠢᠬᠤᠯᠠ ᠰᠶᠢᠳᠪᠤᠷᠢᠲᠤ | ᠪᠣᠳᠣᠯᠭ᠎ᠠ ᠮᠦᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠳᠡᠭᠡᠲᠦ ᠬᠡᠮᠵᠢᠶᠡᠨ ᠤ ᠣᠬᠠᠮᠰᠠᠷᠲᠣ ᠴᠢᠨᠠᠷ ᠢᠶᠠᠷ | ᠳᠣᠰᠬᠠᠢ ᠳᠡᠮᠡᠴᠡᠯ ᠢ ᠠᠬᠢᠭᠤᠯᠬᠤ ᠶᠢ ᠴᠢᠬᠤᠯᠠ ᠣᠯᠣᠰ ᠳᠦᠷᠦ ᠶᠢᠨ ᠡᠬᠦᠷᠭᠡ ᠪᠠᠨ ᠪᠣᠯᠭᠠᠵᠦ ᠡᠬᠦᠷᠭᠡ | ᠬᠠᠷᠢᠭᠤᠴᠠᠯᠭ᠎ᠠ ᠪᠠᠨ ᠬᠦᠢᠴᠡᠳᠬᠡᠨ ᠦᠷ᠎ᠡ ᠪᠦᠲᠦᠮᠵᠢ ᠭᠠᠷᠭᠠᠬᠤ ᠬᠡᠷᠡᠭᠲᠡᠢ ᠬᠡᠪᠡ᠃ | ᠵᠣᠣ ᠹᠧᠢ ᠯᠣ᠋ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠳᠣᠰᠬᠠᠢ ᠳᠡᠮᠡᠴᠡᠯ ᠤᠨ ᠰᠢᠪᠳᠣᠯᠣᠯᠲᠠ ᠶᠢᠨ ᠬᠤᠭᠤᠴᠠᠭ᠎ᠠ ᠪᠣᠯᠣᠨ᠎ᠠ᠃ ᠦᠷᠬᠡᠨ ᠢᠶᠠᠷ ᠰᠦᠪᠡᠭᠴᠢ | ᠴᠣᠭᠯᠠᠭᠤᠯᠵᠦ ᠡᠷᠡᠰ ᠳᠠᠰᠣᠷᠬᠠᠢ ᠪᠠᠷ ᠬᠠᠷ᠎ᠠ ᠪᠦᠯᠦᠭᠳᠡᠨ ᠬᠠᠷᠬᠢᠰ ᠬᠦᠴᠦᠨ ᠤ ᠪᠣᠢ ᠪᠣᠯᠵᠦ ᠪᠠᠶᠢᠭ᠎ᠠ ᠬᠠᠷᠢᠴᠠᠭᠠᠨ | ᠤ ᠳᠣᠣᠷ ᠪᠠ ᠬᠦᠷᠦᠰᠦ ᠶᠢ ᠨᠢ ᠠᠷᠢᠯᠭᠠᠨ ᠳᠣᠳᠣᠭᠠᠲᠣ ᠶᠢ ᠬᠠᠮᠠᠭᠠᠯᠠᠬᠤ ᠳᠣᠪᠴᠢᠶ᠎ᠠ᠂ ᠪᠠᠶᠢᠴᠠᠭᠠᠬᠤ ᠬᠤᠷᠢᠶ᠎ᠠ᠂ | ᠰᠢᠬᠦᠬᠦ ᠬᠤᠷᠢᠶ᠎ᠠ ᠶᠢ ᠳᠣᠬᠢᠷᠠᠭᠤᠯᠣᠨ ᠬᠦᠳᠡᠯᠭᠡᠵᠦ ᠳᠠᠯᠳᠠ ᠣᠷᠣᠰᠢᠵᠦ ᠪᠠᠶᠢᠭ᠎ᠠ ᠬᠠᠷ᠎ᠠ ᠪᠦᠯᠦᠭᠳᠡᠨ ᠬᠠᠷᠬᠢᠰ | ᠬᠦᠴᠦᠨ ᠢ ᠢᠯᠡᠷᠡᠬᠦᠯᠬᠦ ᠬᠡᠷᠡᠭᠲᠡᠢ᠃ ᠨᠠᠮ ᠤᠨ ᠬᠡᠰᠢᠬᠦᠨ ᠺᠠᠳ᠋ᠷᠴᠣᠳ ᠪᠠ ᠬᠠᠣᠯᠢ ᠶᠢ ᠬᠡᠷᠡᠭᠵᠢᠬᠦᠯᠵᠦ ᠬᠡᠷᠡᠭ | ᠰᠶᠢᠳᠭᠡᠭᠴᠢᠳ ᠤᠨ ᠦᠵᠡᠯ ᠰᠠᠨᠠᠭᠠᠨ ᠤ ᠬᠦᠮᠦᠵᠢᠯ ᠢ ᠴᠢᠩᠭᠠᠳᠬᠠᠵᠦ ᠴᠠᠭ ᠦᠶ᠎ᠡ ᠶᠢᠨ ᠰᠢᠨ᠎ᠡ ᠰᠣᠷᠳᠠᠯ ᠢ | ᠮᠠᠨᠳᠣᠭᠤᠯᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠳᠦᠢᠯᠪᠦᠷᠢᠲᠡᠢ ᠠᠷᠢᠯᠭᠠᠬᠤ ᠬᠡᠷᠡᠭᠲᠡᠢ᠃ | ᠵᠣᠣ ᠹᠧᠢ ᠯᠣ᠋ ᠱᠠᠭᠠᠷᠳᠠᠬᠤ ᠳᠠᠭᠠᠨ᠂ ᠪᠦᠬᠦ ᠬᠤᠰᠢᠭᠤ ᠬᠠᠷᠢᠯᠴᠠᠨ ᠬᠠᠪᠰᠣᠷᠣᠯᠴᠠᠵᠦ ᠬᠦᠴᠦᠨ ᠢᠶᠠᠨ | ᠨᠢᠬᠡᠳᠭᠡᠨ ᠣᠯᠣᠰ ᠳᠦᠷᠦ ᠶᠢᠨ ᠴᠣᠬᠢᠯᠳᠠ ᠦᠭᠬᠦ ᠦᠷᠨᠢᠯᠳᠡ ᠶᠢ ᠪᠣᠢ ᠪᠣᠯᠭᠠᠵᠦ ᠴᠢᠨᠠᠷ ᠰᠠᠶᠢᠳᠠᠢ ᠬᠦᠭᠵᠢᠯᠲᠡ ᠪᠠ | ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠡᠶᠡᠯᠡᠬᠦᠯᠬᠦ ᠳᠤ ᠣᠬᠢ ᠰᠠᠶᠢᠨ ᠨᠡᠶᠢᠬᠡᠮ ᠤᠨ ᠣᠷᠴᠢᠨ ᠳᠣᠭᠤᠷᠢᠨ ᠢ | ᠪᠦᠷᠢᠯᠳᠦᠬᠦᠯᠬᠦ ᠬᠡᠷᠡᠭᠲᠡᠢ ᠬᠡᠪᠡ᠃ | |