5 ᠰᠠᠷ᠎ᠠ ᠶᠢᠨ 17 ᠤ ᠡᠳᠦᠷ᠂ 2019 ᠣᠨ ᠤ ᠪᠦᠬᠦ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ ᠮᠠᠨ ᠤ | ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠦ᠂ ᠬᠤᠰᠢᠭᠤ | ᠤᠳᠤᠷᠢᠳᠤᠯᠭ᠎ᠠ ᠪᠠᠶᠠᠨᠴᠢᠮᠡᠭ ᠪᠣᠯᠣᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠵᠣᠬᠢᠶᠠᠨ ᠪᠠᠶᠢᠭᠤᠯᠬᠤ | ᠬᠡᠯᠲᠡᠰ᠂ ᠤᠬᠠᠭᠤᠯᠬᠤ ᠬᠡᠯᠲᠡᠰ ᠵᠡᠷᠭᠡ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ᠂ | ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠪᠣᠯᠣᠨ | ᠡᠯ᠎ᠡ ᠲᠠᠰᠤᠭ ᠤᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ 2018 ᠣᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠬᠢᠴᠠ ᠪᠠ ᠦᠷ᠎ᠡ | ᠪᠦᠲᠦᠮᠵᠢ ᠶᠢ ᠰᠢᠰᠲ᠋ᠧᠮ ᠲᠠᠢ ᠳ᠋ᠦᠩᠨᠡᠨ ᠣᠳᠣᠬᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ ᠶᠢ ᠭᠦᠨᠵᠡᠭᠡᠶ ᠵᠠᠳᠠᠯᠤᠭᠰᠠᠨ ᠤ ᠬᠠᠮᠲᠤ 2019 ᠣᠨ ᠤ | ᠡᠮ ᠡᠮᠨᠡᠯᠭᠡ ᠶᠢᠨ ᠥᠭᠡᠷᠡᠴᠢᠯᠡᠯᠲᠡ ᠪᠣᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ | ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠵᠢᠭᠠᠬᠤ ᠳᠠᠭᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ | ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠭ᠎ᠠ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠬᠤ ᠶᠤᠮ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠳᠤ ᠲᠣᠭᠲᠠᠴᠠ ᠶᠢ ᠬᠤᠪᠢᠷᠠᠭᠤᠯᠬᠤ ᠪᠠᠷ ᠭᠤᠣᠯᠳᠠᠯᠭ᠎ᠠ ᠪᠣᠯᠭᠠᠵᠤ ᠴᠢᠬᠤᠯᠠ ᠬᠦᠷᠢᠶ᠎ᠡ ᠴᠠᠷᠠᠭ᠎ᠠ | ᠪᠣᠯᠤᠨ ᠵᠠᠩᠭᠢᠯᠠᠭ᠎ᠠ ᠶᠢᠨ ᠭᠤᠭᠴᠤᠭ᠎ᠠ ᠲᠠᠢ ᠤᠶᠠᠯᠳᠤᠭᠤᠯᠤᠨ ᠥᠭᠡᠷᠡᠴᠢᠯᠡᠯᠲᠡ ᠶᠢᠨ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠵᠤ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠪᠠᠶᠢᠷᠢᠨ ᠳᠤ ᠲᠠᠯᠪᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠣᠢᠯᠠᠭᠠᠭᠳᠠᠬᠤᠨ ᠢ ᠪᠠᠷᠢᠮᠲᠠᠯᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤ ᠠᠭᠤᠰᠤᠯᠴᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠦᠨᠵᠡᠭᠡᠶᠢᠷᠡᠯᠲᠡ ᠶᠢ ᠠᠬᠢᠭᠤᠯᠵᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ ᠲᠥᠷᠥᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ | ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠵᠦ ᠤᠳᠤᠷᠢᠳᠬᠤ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ | ᠡᠭᠦᠨ ᠤ ᠬᠠᠮᠲᠤ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠦᠨᠡᠲᠡᠢ ᠠᠰᠠᠭᠤᠳᠠᠯ ᠢ | ᠭᠤᠣᠯᠳᠠᠯᠭ᠎ᠠ ᠲᠠᠢ ᠰᠢᠢᠳᠪᠦᠷᠢᠯᠡᠵᠦ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠤᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠲᠡᠢ᠃ ᠣᠷᠣᠨ ᠨᠤᠲᠤᠭ ᠤᠨ ᠱᠠᠲᠤ ᠬᠤᠪᠢᠶᠠᠨ ᠣᠨᠣᠰᠢᠯᠠᠨ ᠡᠮᠴᠢᠯᠡᠬᠦ ᠳᠦᠷᠢᠮ ᠤᠨ ᠪᠠᠶᠢᠭᠤᠯᠤᠯᠲᠠ ᠶᠢ | ᠲᠦᠷᠭᠡᠳᠬᠡᠨ ᠢᠨᠲ᠋ᠧᠷ ᠰᠦᠯᠵᠢᠶ᠎ᠡ + ᠡᠮᠴᠢᠯᠡᠭᠡᠨ ᠤ ᠬᠡᠯᠪᠡᠷᠢ ᠶᠢᠨ ᠡᠷᠡᠭᠦᠯ ᠬᠠᠮᠠᠭᠠᠯᠠᠯ ᠤᠨ ᠲᠣᠭᠲᠠᠴᠠ ᠶᠢ | ᠲᠦᠷᠭᠡᠳᠬᠡᠨ ᠬᠥᠭᠵᠢᠭᠦᠯᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ | ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠦᠨ᠎ᠡ | ᠪᠠᠭᠤᠷᠠᠭᠤᠯᠬᠤ ᠪᠠ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ ᠣᠳᠣ ᠦᠶ᠎ᠡ ᠶᠢᠨ | ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠡᠮᠨᠡᠯᠭᠡ ᠶᠢᠨ | ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠪᠦᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ ᠡᠮᠴᠢᠯᠡᠭᠡᠨ ᠤ ᠡᠵᠡᠩᠨᠡᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠨ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠩᠰᠠ ᠡᠪᠬᠡᠮᠡᠯ ᠢ ᠪᠠᠶᠢᠭᠤᠯᠵᠦ | ᠲᠡᠷᠢᠭᠦᠨ ᠤ ᠲᠤᠷᠰᠢᠯᠭ᠎ᠠ ᠶᠢ ᠥᠷᠭᠡᠨ ᠢᠶᠠᠷ ᠤᠬᠠᠭᠤᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠶ ᠭᠡᠵᠡᠢ᠃ |