ᠮᠠᠨ ᠤ ᠬᠤᠰᠢᠭᠤᠨ ᠤ ︽ᠪᠢᠯᠢᠭ ᠤᠨ ᠰᠠᠩ︾ ᠮᠤᠩᠭᠤᠯ ᠨᠤᠮ ᠤᠨ ᠤᠪᠤᠭᠠᠨ ᠤ ᠳᠠᠬᠢᠯᠭ᠎ᠠ ᠳᠡᠭᠡᠷ᠎ᠡ | ᠶᠠᠪᠣᠭᠳᠠᠭᠰᠠ ᠤᠷᠳᠤᠰ ᠬᠤᠳᠠ ᠶᠢᠨ ᠲᠥᠷᠪᠡᠳᠤᠭᠡᠷ ᠬᠤᠭᠤᠴᠠᠭᠠᠨ ᠤ ︽ᠪᠢᠯᠢᠭ ᠤᠨ ᠰᠠᠩ — ᠨᠤᠮ ᠲᠠᠢ | ᠮᠤᠩᠭᠤᠯ︾ ᠰᠢᠷᠢᠰ ᠠᠵᠢᠯᠯᠠᠭᠠᠨ ᠤ ︽ᠪᠠᠭ᠋ᠠᠳᠠᠢ ᠤᠩᠰᠢᠯᠭ᠎ᠠ ᠠᠮᠢᠳᠤᠷᠠᠯ ᠳᠤ ᠨᠦᠯᠦᠭᠡᠯᠡᠨ᠎ᠡ︾ ᠰᠡᠳᠦᠪᠳᠦ ᠨᠤᠮ | ᠤᠩᠰᠢᠭᠰᠠᠨ ᠲᠦᠷᠦᠭᠳᠡᠯ ᠤᠨ ᠣᠷᠣᠯᠳᠤᠭᠠᠨ ᠨᠢ ᠰᠣᠷᠣᠭᠴᠢᠳ ᠤᠨ ᠨᠣᠮ ᠣᠩᠰᠢᠬᠤ ᠣᠷᠮ᠎ᠡ ᠪᠠᠬ᠎ᠠ ᠶᠢ | ᠬᠦᠭᠵᠢᠬᠡᠵᠣ ᠪᠠᠶᠢᠨ᠎ᠠ᠃ | | | | | | | ᠡᠨ᠋ᠨ ᠵᠢᠯ ᠤᠨ ︽ᠪᠠᠭ᠋ᠠᠳᠠᠢ ᠤᠩᠰᠢᠯᠭ᠎ᠠ ᠠᠮᠢᠳᠤᠷᠠᠯ ᠳᠤ ᠨᠦᠯᠦᠭᠡᠯᠡᠨ᠎ᠡ︾ ᠰᠡᠳᠦᠪᠳᠦ ᠨᠤᠮ ᠤᠩᠰᠢᠭᠰᠠᠨ | ᠲᠦᠷᠦᠭᠳᠡᠯ ᠤᠨ ᠣᠷᠣᠯᠳᠣᠭᠠᠨ ᠳᠤ ᠪᠦᠬᠦ ᠬᠤᠳᠠ ᠶᠢᠨ ᠶᠢᠰᠦᠨ ᠪᠠᠭ᠎ᠠ ᠰᠤᠷᠭᠠᠭᠤᠯᠢ ᠶᠢᠨ 800 ᠭᠠᠷᠤᠢ | ᠰᠤᠷᠤᠭᠴᠢᠳ ᠤᠨ ᠪᠦᠲᠦᠬᠡᠯ ᠤᠷᠤᠯᠴᠠᠨ ᠲᠡᠷᠢᠭᠦᠨ ᠳᠡᠳ᠋ ᠭᠤᠳᠠᠭᠠᠷ ᠪᠠᠶᠢᠷᠢ ᠶᠢᠨ ᠱᠠᠩᠨᠠᠯ ᠳᠤᠬᠢᠷᠠᠭᠤᠯᠤᠭᠰᠠᠨ | ᠠᠴᠠ ᠭᠠᠳᠠᠨ᠎ᠠ ᠵᠦᠪ ᠪᠢᠴᠢᠯᠭᠡ ᠶᠢᠨ ᠱᠠᠩᠨᠠᠯ᠂ ᠭᠤᠶᠤ ᠭᠠᠷ ᠤᠨ ᠲᠢᠭ ᠤᠨ ᠱᠠᠩᠨᠠᠯ᠂ ᠵᠤᠷᠢᠭᠵᠢᠭᠤᠯᠤᠯ ᠤᠨ | ᠱᠠᠩᠨᠠᠯ᠂ ᠬᠠᠮᠤᠭ ᠤᠨ ᠰᠢᠯᠢᠳᠡᠭ ᠵᠤᠬᠢᠶᠠᠨ ᠪᠠᠶᠢᠭᠤᠯᠤᠭᠰᠠᠨ ᠱᠠᠩᠨᠠᠯ᠂ ᠬᠠᠮᠤᠭ ᠤᠨ ᠰᠢᠯᠢᠳᠡᠭ ᠵᠢᠭᠠᠨ | ᠵᠢᠯᠤᠭᠤᠳᠤᠭᠴᠢ ᠶᠢᠨ ᠱᠠᠩᠨᠠᠯ ᠢ ᠳᠤᠬᠢᠷᠠᠭᠤᠯᠵᠤ ᠨᠤᠮ ᠰᠠᠶᠢᠨ ᠤᠩᠰᠢᠭᠰᠠᠨ᠂ ᠦᠰᠦᠭ ᠢᠶᠠᠨ ᠵᠦᠪ ᠪᠢᠴᠢᠵᠦ | ᠰᠠᠶᠢᠬᠠᠨ ᠪᠢᠴᠢᠳᠡᠭ ᠰᠤᠷᠤᠭᠴᠢᠳ ᠪᠠ ᠢᠳᠡᠪᠬᠢᠳᠡᠢ ᠤᠷᠤᠯᠴᠠᠳᠠᠭ ᠪᠠᠭᠰᠢ ᠨᠠᠷ ᠢ ᠱᠠᠩᠨᠠᠨ ᠬᠦᠬᠢᠬᠦᠯᠦᠭᠰᠡᠨ ᠪᠠᠶᠢᠨ᠎ᠠ | ᠃ | | | | | | | ︽ᠪᠠᠭ᠋ᠠᠳᠠᠢ ᠤᠩᠰᠢᠯᠭ᠎ᠠ ᠠᠮᠢᠳᠤᠷᠠᠯ ᠳᠤ ᠨᠦᠯᠦᠭᠡᠯᠡᠨ᠎ᠡ︾ ᠰᠡᠳᠦᠪᠳᠦ ᠨᠤᠮ ᠤᠩᠰᠢᠭᠰᠠᠨ ᠲᠦᠷᠦᠭᠳᠡᠯ ᠤᠨ | ᠣᠷᠣᠯᠳᠣᠭᠠᠨ ᠨᠢ 2015 ᠣᠨ ᠳᠤ ᠬᠠᠮᠤᠭ ᠠᠩᠬ᠎ᠠ ᠮᠠᠨ ᠤ ᠬᠤᠰᠢᠭᠤᠨ ᠤ ᠮᠤᠩᠭᠤᠯ ᠦᠨᠳᠦᠰᠦᠲᠡᠨ ᠤ | ᠲᠤᠷᠰᠢᠯᠳᠠ ᠶᠢᠨ ᠪᠠᠭ᠎ᠠ ᠰᠤᠷᠭᠠᠭᠤᠯᠢ ᠳᠤ ᠶᠠᠪᠤᠭᠳᠠᠵᠤ ᠪᠠᠶᠢᠭᠰᠠᠨ ᠠᠴᠠ ᠤᠳᠤ ᠪᠤᠯᠬᠤ ᠳᠤ ᠪᠦᠬᠦ ᠬᠤᠳᠠ ᠶᠢᠨ | ᠭᠡᠪᠴᠢᠶ᠎ᠠ ᠲᠠᠢ ᠳᠣᠮᠣ ᠰᠣᠶᠣᠯ ᠤᠨ ᠠᠵᠢᠯᠯᠠᠭ᠎ᠠ ᠪᠤᠯᠵᠤ ᠦᠷᠬᠡᠵᠢᠪᠠ᠃ ᠠᠵᠢᠯᠯᠠᠭᠠᠨ ᠳᠤ ᠪᠠᠰᠠ ᠤᠷᠳᠤᠰ ᠬᠤᠳᠠ | ᠶᠢᠨ ᠬᠡᠰᠡᠭ ᠮᠤᠩᠭᠤᠯ ᠪᠠᠭ᠎ᠠ ᠰᠤᠷᠭᠠᠭᠤᠯᠢ ᠶᠢᠨ ᠪᠠᠭᠰᠢ᠂ ᠨᠤᠮ ᠬᠡᠪᠯᠡᠯ ᠤᠨ ᠠᠵᠢᠯᠲᠠᠨ᠂ ᠨᠤᠳᠤᠭ ᠤᠨ | ᠲᠤᠮᠤᠭᠠᠲᠠᠳ ᠠᠴᠠ ᠬᠡᠦᠬᠡᠳ ᠪᠠᠭᠠᠴᠤᠳ ᠤᠨ ᠤᠩᠰᠢᠬᠤ ᠨᠤᠮ᠂ ᠬᠡᠯᠡ ᠪᠢᠴᠢᠭ ᠤᠨ ᠵᠢᠭᠠᠨ ᠰᠤᠷᠭᠠᠯᠳᠠ᠂ ᠬᠡᠯᠡ | ᠶᠠᠷᠢᠶᠠᠨ ᠤ ᠠᠰᠠᠭᠤᠳᠠᠯ ᠤᠨ ᠳᠤᠭᠤᠷᠢᠨ ᠳᠤ ᠳᠤᠯᠭᠠᠷᠠᠵᠤ ᠪᠠᠶᠢᠬᠤ ᠠᠰᠠᠭᠤᠳᠠᠯ ᠢ ᠶᠠᠷᠢᠯᠴᠠᠵᠣ ᠰᠠᠨᠠᠯ ᠢᠶᠠᠨ | ᠰᠤᠯᠢᠯᠴᠠᠪᠠ᠃ | | | | | | | |