5 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠡᠭᠦᠳᠦᠨ ᠪᠠᠶᠢᠭᠤᠯᠬᠤ ᠭᠠᠵᠠᠷ ᠤᠨ ᠳᠠᠷᠤᠭ᠎ᠠ ᠷᠧᠨ ᠯᠢ ᠬᠤᠸᠠ ᠨᠠᠷ ᠮᠠᠨ ᠤ ᠬᠤᠰᠢᠭᠤᠨ ᠳᠤ ᠢᠷᠡᠵᠦ | ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ | ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠭᠦᠳᠦᠨ ᠪᠠᠶᠢᠭᠤᠯᠬᠤ ᠭᠠᠵᠠᠷ ᠤᠨ ᠳᠠᠷᠤᠭ᠎ᠠ ᠷᠧᠨ ᠯᠢ | ᠬᠤᠸᠠ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠠᠩ ᠢᠥᠢ ᠯᠦᠩ᠂ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠵᠠᠰᠠᠭ ᠤᠨ | ᠤᠷᠳᠤᠨ ᠤ ᠬᠤᠰᠢᠭᠤ ᠳᠡᠳ᠋ ᠳᠠᠷᠤᠭ᠎ᠠ ᠵᠧᠦ ᠱᠤᠸᠠᠢ ᠪᠣᠯᠣᠨ ᠭᠠᠯᠠᠭᠤᠲᠤ ᠪᠠᠯᠭᠠᠰᠤ᠂ ᠬᠤᠰᠢᠭᠤ ᠰᠤᠷᠭᠠᠨ | ᠬᠥᠮᠥᠵᠢᠯ ᠪᠡᠶ᠎ᠡ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯᠣᠨ ᠣᠶᠤᠨ ᠤ | ᠪᠣᠯᠪᠠᠰᠤᠨ ᠤ ᠠᠯᠪᠠᠨ ᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ | ᠪᠠᠶᠢᠴᠠᠭᠠᠨ ᠰᠤᠳᠤᠯᠤᠭᠰᠠᠨ ᠤ ᠬᠠᠮᠲᠤ ᠰᠠᠭᠤᠳᠠᠯ ᠤᠨ ᠬᠤᠷᠠᠯ ᠳᠤ ᠣᠷᠣᠯᠴᠠᠪᠠ᠃ | | | | | | | ᠷᠧᠨ ᠯᠢ ᠬᠤᠸᠠ ᠨᠠᠷ ᠣᠷᠳᠣᠰ ᠬᠤᠲᠠ ᠶᠢᠨ ᠳᠥᠷᠪᠡᠳᠦᠭᠡᠷ ᠬᠤᠭᠤᠴᠠᠭᠠᠨ ᠤ ︽ᠪᠢᠯᠢᠭ ᠤᠨ ᠰᠠᠩ ︱ | ᠨᠣᠮ ᠲᠠᠢ ᠮᠣᠩᠭᠤᠯ︾ ᠰᠢᠷᠢᠰ ᠠᠵᠢᠯᠯᠠᠭ᠎ᠠ ᠳᠤ ᠣᠷᠣᠯᠴᠠᠭᠰᠠᠨ ᠤ ᠬᠠᠮᠲᠤ ᠬᠤᠰᠢᠭᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ᠂ ᠭᠠᠯᠠᠭᠤᠲᠤ ᠮᠠᠰᠢᠨ ᠲᠡᠷᠭᠡᠨ ᠤ ᠥᠷᠲᠡᠭᠡ᠂ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶ᠎ᠠ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠨᠠᠨᠳᠢᠨ ᠨᠡᠶᠢᠭᠡᠮ ᠲᠣᠭᠤᠷᠢᠭ ᠵᠡᠷᠭᠡ | ᠭᠠᠵᠠᠷ ᠢᠶᠠᠷ ᠭᠦᠷᠴᠤ ᠨᠡᠶᠢᠲᠡ ᠶᠢᠨ ᠠᠰᠠᠷᠠᠮᠵᠢ ᠶᠢᠨ ᠵᠠᠷ ᠤᠨ ᠪᠠᠶᠢᠷᠢᠯᠠᠭᠤᠯᠤᠯᠲᠠ᠂ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠡᠮᠬᠢ ᠵᠢᠷᠤᠮ᠂ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠭᠰᠠᠨ ᠪᠠᠶᠢᠳᠠᠯ ᠵᠡᠷᠭᠡ ᠶᠢ | ᠪᠠᠶᠢᠴᠠᠭᠠᠨ ᠦᠵᠡᠭᠰᠡᠨ ᠪᠥᠭᠡᠳ ᠠᠵᠢᠯᠲᠠᠳ ᠠᠴᠠ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ | ᠤᠨ ᠳᠤᠮᠳᠠ ᠲᠣᠬᠢᠶᠠᠯᠳᠤᠭᠰᠠᠨ ᠪᠣᠳᠠᠲᠠᠶ ᠬᠦᠴᠢᠷᠳᠡᠯ ᠢ ᠨᠠᠷᠢᠨ ᠠᠰᠠᠭᠤᠵᠦ ᠣᠶᠢᠯᠠᠭᠠᠭᠰᠠᠨ ᠤ ᠬᠠᠮᠲᠤ | ᠰᠠᠭᠤᠳᠠᠯ ᠤᠨ ᠬᠤᠷᠠᠯ ᠬᠤᠷᠠᠯᠳᠤᠭᠤᠯᠪᠠ᠃ | ᠡᠷᠳᠡᠨᠢᠪᠢᠯᠢᠭ ᠮᠠᠨ ᠤ ᠬᠤᠰᠢᠭᠤᠨ ᠤ ᠪᠥᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ | ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ | ᠬᠤᠷᠠᠯ ᠳᠤ ᠣᠷᠣᠯᠴᠠᠭᠰᠠᠳ ᠲᠠᠢ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠤᠨ ᠳᠤᠮᠳᠠ | ᠲᠣᠬᠢᠶᠠᠯᠳᠤᠭᠰᠠᠨ ᠬᠦᠴᠢᠷᠳᠡᠯ ᠠᠰᠠᠭᠤᠳᠠᠯ ᠤᠨ ᠲᠤᠬᠠᠢ ᠭᠦᠨᠵᠡᠭᠡᠶ ᠰᠣᠯᠢᠯᠴᠠᠭ᠎ᠠ ᠥᠷᠨᠢᠭᠦᠯᠪᠡ᠃ | ᠲᠤᠬᠠᠢ ᠶᠢᠨ ᠭᠠᠵᠠᠷ ᠤᠨ ᠪᠠᠶᠢᠴᠠᠭᠠᠯᠲᠠ ᠪᠠ ᠮᠡᠳᠡᠭᠦᠯᠦᠯᠲᠡ ᠶᠢ ᠰᠣᠨᠣᠰᠬᠤ ᠪᠠᠷ ᠳᠠᠮᠵᠢᠨ ᠷᠧᠨ ᠯᠢ ᠬᠤᠸᠠ | ᠮᠠᠨ ᠤ ᠬᠤᠰᠢᠭᠤᠨ ᠤ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠳᠤ ᠨᠤᠲᠠᠯᠠᠯᠲᠠ ᠥᠭᠴᠦ | ᠵᠢᠭᠠᠵᠤ ᠭᠠᠷᠭᠠᠬᠤ ᠳᠠᠭᠠᠨ ᠦᠦᠰᠢᠨ ᠬᠤᠰᠢᠭᠤ ᠨᠢ 2011 ᠣᠨ ᠳᠤ ᠪᠥᠬᠦ ᠤᠯᠤᠰ ᠤᠨ ᠪᠣᠯᠪᠠᠰᠤᠨ ᠬᠤᠰᠢᠭᠤ | ᠰᠢᠶᠠᠨ ᠢᠶᠠᠷ ᠦᠨᠡᠯᠡᠭᠳᠡᠨ ᠰᠠᠭᠤᠷᠢ ᠰᠠᠶᠢᠨ ᠪᠠᠶᠢᠵᠤ ᠰᠣᠶᠣᠯ ᠰᠤᠷᠭᠠᠨ ᠬᠥᠮᠥᠵᠢᠯ᠂ ᠨᠣᠭᠤᠭᠠᠷᠠᠭᠤᠯᠤᠯᠲᠠ ᠶᠢᠨ | ᠬᠡᠮᠵᠢᠶ᠎ᠡ᠂ ᠠᠷᠢᠭᠤᠨ ᠴᠡᠪᠡᠷ ᠤᠨ ᠬᠡᠮᠵᠢᠶ᠎ᠡ ᠥᠨᠳᠥᠷ᠂ ᠪᠦᠬᠦ ᠣᠷᠣᠨ ᠤ ᠳᠣᠲᠣᠷ᠎ᠠ ᠥᠪᠡᠷᠮᠢᠴᠡ ᠣᠨᠴᠠᠯᠢᠭ ᠢᠶᠠᠷ | ᠲᠣᠪᠣᠶᠢᠮ᠎ᠠ ᠪᠠᠶᠢᠵᠤ ᠳᠠᠪᠠᠭᠤᠯᠢᠭ ᠲᠠᠯ᠎ᠠ ᠶᠡᠭᠡ ᠪᠠᠶᠢᠭ᠎ᠠ ᠶᠤᠮ᠃ 2018 ᠣᠨ ᠳᠤ ᠪᠥᠬᠦ ᠤᠯᠤᠰ ᠤᠨ ᠬᠤᠰᠢᠭᠤ | ᠰᠢᠶᠠᠨ ᠤ ᠳᠡᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠨᠡᠷ᠎ᠡ ᠳᠤᠷᠠᠳᠤᠭᠳᠠᠭᠰᠠᠨ ᠬᠢᠷᠢ ᠬᠡᠮ ᠢ | ᠳᠠᠬᠢᠨᠲᠠ ᠣᠯᠤᠭᠰᠠᠨ ᠨᠢ ᠨᠡᠷ᠎ᠡ ᠨᠢᠳᠡᠷ ᠲᠠᠭᠠᠨ ᠨᠡᠶᠢᠴᠡᠭᠰᠡᠨ ᠶᠠᠪᠤᠳᠠᠯ ᠪᠣᠯᠤᠨ᠎ᠠ᠃ ᠦᠦᠰᠢᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠴᠢᠩᠭ᠎ᠠ ᠠᠳᠬᠤᠬᠤ | ᠬᠡᠷᠡᠭᠲᠡᠶ ᠭᠡᠵᠡᠢ᠃ | ᠡᠷᠳᠡᠨᠢᠪᠢᠯᠢᠭ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠣᠪᠣᠷ ᠢᠶᠠᠨ | ᠢᠯᠡᠳᠬᠡᠬᠦ ᠶᠠᠷᠢᠶ᠎ᠠ ᠲᠠᠯᠪᠢᠪᠠ᠃ ᠲᠡᠷᠡ ᠬᠡᠯᠡᠬᠦ ᠳᠡᠭᠡᠨ᠂ ᠦᠦᠰᠢᠨ ᠬᠤᠰᠢᠭᠤ ᠤᠯᠤᠰ ᠲᠥᠷᠥ ᠶᠢᠨ ᠵᠣᠭᠰᠣᠴᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ ᠥᠪᠡᠷᠲᠡᠭᠡᠨ ᠵᠠᠰᠠᠬᠤ ᠣᠷᠣᠨ ᠤ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ | ᠦᠭᠡᠢ ᠪᠠᠷ ᠪᠣᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠷᠠᠳ ᠤᠨ ᠠᠮᠢᠳᠤᠷᠠᠯ ᠤᠨ | ᠢᠨᠵᠧᠨᠧᠷᠢᠩ ᠪᠣᠯᠭᠠᠨ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠢ ᠳᠠᠭᠠᠭᠤᠯᠤᠨ ᠪᠣᠯᠪᠠᠰᠤᠨ ᠬᠤᠲᠠ ᠶᠢᠨ | ᠡᠭᠦᠳᠦᠨ ᠪᠠᠶᠢᠭᠤᠯᠤᠯᠲᠠ ᠶᠢᠨ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠤᠮ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠪᠠᠲᠤᠯᠠᠭ᠎ᠠ ᠶᠢᠨ ᠡᠷᠴᠢᠮ ᠢᠶᠠᠨ | ᠴᠢᠩᠭᠠᠷᠠᠭᠤᠯᠤᠨ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠵᠦ ᠬᠢᠨᠠᠯᠲᠠ ᠬᠠᠮᠢᠶᠠᠷᠤᠯᠲᠠ᠂ ᠠᠵᠢᠯ ᠤᠨ | ᠰᠠᠬᠢᠯᠭ᠎ᠠ ᠪᠠᠲᠤ ᠶᠢ ᠴᠢᠩᠭ᠎ᠠ ᠠᠳᠬᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠡᠯ᠎ᠡ ᠲᠥᠷᠥᠯ ᠤᠨ | ᠠᠵᠢᠯ ᠤᠨ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠶᠢ ᠪᠠᠲᠤᠯᠠᠬᠤ ᠶᠤᠮ ᠭᠡᠵᠡᠢ᠃ |