5 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ | ᠹᠧᠢ ᠯᠦ ᠰᠦᠯᠳᠡ ᠰᠤᠮᠤ᠂ ᠰᠢᠷᠬᠤᠰᠤᠨ ᠪᠠᠯᠭᠠᠰᠤ᠂ ᠲᠤᠭ ᠪᠠᠯᠭᠠᠰᠤ᠂ ᠦᠥᠰᠢᠨᠵᠣᠣ ᠪᠠᠯᠭᠠᠰᠤ ᠪᠠᠷ ᠭᠦᠷᠴᠣ | ᠦᠨᠳᠦᠰᠦᠨ ᠱᠠᠲᠤᠨ ᠤ ᠰᠤᠷᠭᠠᠨ ᠬᠥᠮᠥᠵᠢᠯ ᠪᠣᠯᠣᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠤ | ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠬᠤᠰᠢᠭᠤ ᠳᠡᠳ᠋ ᠳᠠᠷᠤᠭ᠎ᠠ ᠵᠠᠩ ᡁᠢ ᠰᠢᠥ᠋ᠩ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ | ᠵᠠᠰᠠᠭ ᠤᠨ ᠲᠣᠪᠴᠢᠶ᠎ᠠ᠂ ᠰᠤᠷᠭᠠᠨ ᠬᠥᠮᠥᠵᠢᠯ ᠪᠡᠶ᠎ᠡ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠣᠯᠣᠨ ᠬᠤᠯᠪᠣᠭᠳᠠᠯ | ᠪᠦᠬᠦᠢ ᠰᠤᠮᠤ ᠪᠠᠯᠭᠠᠰᠤᠨ ᠤ ᠬᠠᠷᠢᠭᠤᠴᠠᠯᠭᠠᠲᠠᠨ ᠪᠠᠷᠠᠳᠠᠨ ᠪᠠᠶᠢᠴᠠᠭᠠᠨ ᠰᠤᠳᠤᠯᠤᠯᠲᠠ ᠬᠢᠪᠡ᠃ | | | | | | | ᠵᠣᠣ ᠹᠧᠢ ᠯᠦ ᠨᠠᠷ ᠤᠷᠢᠳ ᠬᠤᠵᠢᠳ ᠡᠯ᠎ᠡ ᠰᠤᠮᠤ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ | ᠬᠡᠦᠬᠡᠳ ᠤᠨ ᠴᠡᠴᠡᠷᠯᠢᠭ ᠪᠣᠯᠣᠨ ᠭᠤᠣᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶᠠᠨ ᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠂ ᠬᠡᠰᠡᠭ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ | ᠬᠦᠷᠴᠦ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ | | | | | | | ᠰᠤᠮᠤ ᠪᠠᠯᠭᠠᠰᠤᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠨ | ᠰᠤᠳᠤᠯᠤᠯᠲᠠ ᠬᠢᠬᠦ ᠦᠶ᠎ᠡ ᠳᠤ ᠵᠣᠣ ᠹᠧᠢ ᠯᠦ ᠴᠢᠬᠤᠯᠠᠴᠢᠯᠠᠬᠤ ᠳᠠᠭᠠᠨ᠂ ᠦᠨᠳᠦᠰᠦᠨ ᠱᠠᠲᠤᠨ ᠤ ᠰᠤᠷᠭᠠᠨ | ᠬᠥᠮᠥᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠭᠰᠢ ᠶᠢᠨ ᠡᠩᠨᠡᠭᠡᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ ᠰᠤᠷᠤᠭᠴᠢ ᠪᠣᠯᠭᠠᠨ ᠢ ᠥᠨᠳᠥᠷ ᠪᠠᠷᠢᠮᠵᠢᠶ᠎ᠠ᠂ ᠥᠨᠳᠥᠷ ᠴᠢᠨᠰᠠᠭᠠᠲᠤ ᠰᠤᠷᠭᠠᠨ | ᠬᠥᠮᠥᠵᠢᠯ ᠬᠦᠷᠲᠡᠬᠦ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠪᠠᠭᠰᠢ ᠶᠢᠨ ᠲᠦᠷ ᠴᠠᠭ ᠤᠨ ᠪᠠᠶᠢᠷᠢ ᠶᠢᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠦᠨᠳᠦᠰᠦᠨ ᠱᠠᠲᠤᠨ ᠤ ᠪᠠᠭᠰᠢ ᠨᠠᠷ ᠤᠨ ᠣᠷᠣᠨ | ᠰᠠᠭᠤᠴᠠ᠂ ᠠᠮᠢᠳᠤᠷᠠᠯ ᠤᠨ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠠᠷᠢᠯᠭ᠎ᠠ ᠶᠢᠨ ᠠᠵᠤ ᠠᠬᠤᠶᠢᠯᠠᠯ ᠨᠢ | ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠰᠠᠬᠢᠨ ᠲᠥᠷᠥᠯ ᠵᠦᠢᠯ ᠢ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ ᠲᠠᠢ ᠪᠠᠷ | ᠲᠣᠭᠲᠠᠭᠰᠠᠨ ᠴᠠᠭ ᠲᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ | | | | | | | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠮᠨᠡᠯᠭᠡ ᠶᠢᠨ ᠪᠠᠶᠢᠭᠤᠯᠤᠮᠵᠢ ᠶᠢᠨ ᠡᠷᠭᠢᠯᠲᠡ ᠶᠢᠨ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠬᠦ ᠦᠶ᠎ᠡ ᠳᠤ ᠵᠣᠣ ᠹᠧᠢ ᠯᠦ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ | ᠬᠠᠮᠠᠭᠠᠯᠠᠯ ᠤᠨ ᠲᠠᠰᠤᠭ ᠤᠨ ᠰᠠᠭᠤᠷᠢ ᠲᠥᠬᠦᠭᠡᠷᠦᠮᠵᠢ ᠶᠢᠨ ᠪᠠᠶᠢᠳᠠᠯ ᠪᠣᠯᠣᠨ ᠡᠮᠨᠡᠯᠭᠡ ᠶᠢᠨ ᠲᠣᠨᠤᠭ | ᠲᠥᠬᠦᠭᠡᠷᠦᠮᠵᠢ ᠶᠢᠨ ᠪᠠᠶᠢᠳᠠᠯ ᠢ ᠨᠠᠷᠢᠯᠢᠭ ᠪᠠᠶᠢᠴᠠᠭᠠᠨ ᠦᠵᠡᠵᠦ ᠬᠠᠮᠢᠶᠠᠷᠤᠯᠲᠠ ᠪᠣᠯᠣᠨ ᠡᠷᠭᠢᠯᠲᠡ ᠶᠢᠨ ᠪᠠᠶᠢᠳᠠᠯ᠂ | ᠠᠵᠢᠯᠲᠠᠨ ᠤ ᠴᠠᠯᠢᠩ ᠮᠥᠩᠭᠦ᠂ ᠡᠮ ᠡᠮᠨᠡᠯᠭᠡ ᠶᠢᠨ ᠳᠠᠭᠠᠳᠬᠠᠯ ᠪᠣᠯᠣᠨ ᠡᠮᠨᠡᠯᠭᠡ ᠶᠢᠨ ᠲᠥᠬᠦᠭᠡᠷᠦᠮᠵᠢ ᠶᠢᠨ | ᠬᠡᠷᠡᠭᠯᠡᠯᠲᠡ ᠶᠢᠨ ᠪᠠᠶᠢᠳᠠᠯ ᠢ ᠨᠠᠷᠢᠨ ᠠᠰᠠᠭᠤᠨ ᠣᠶᠢᠯᠠᠭᠠᠭᠰᠠᠨ ᠪᠠᠶᠢᠨ᠎ᠠ᠃ ᠵᠣᠣ ᠹᠧᠢ ᠯᠦ ᠴᠢᠬᠤᠯᠠᠴᠢᠯᠠᠬᠤ ᠳᠠᠭᠠᠨ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠨᠢ ᠠᠷᠠᠳ ᠲᠦᠮᠡᠨ ᠪᠣᠯᠣᠨ ᠠᠵᠤ ᠠᠬᠤᠶᠢᠯᠠᠯ ᠤᠨ ᠠᠵᠢᠯᠲᠠᠨ ᠤ | ᠡᠷᠡᠭᠦᠯ ᠴᠢᠭᠢᠷᠠᠭ ᠤᠨ ᠪᠠᠶᠢᠳᠠᠯ ᠪᠠ ᠠᠮᠢᠳᠤᠷᠠᠯ ᠲᠠᠢ ᠰᠢᠭᠤᠳ ᠬᠤᠯᠪᠣᠭᠠᠲᠠᠢ ᠪᠠᠶᠢᠳᠠᠭ᠂ ᠨᠡᠩ ᠴᠢᠨᠠᠭᠰᠢᠯᠠᠨ ᠪᠦᠬᠦ | ᠲᠠᠯ᠎ᠠ ᠶᠢᠨ ᠴᠢᠨᠡᠭᠡᠯᠢᠭ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠰᠠᠨ ᠴᠠᠭ ᠲᠠᠭᠠᠨ ᠪᠡᠶᠡᠯᠡᠭᠦᠯᠬᠦ ᠲᠠᠢ | ᠬᠤᠯᠪᠣᠭᠳᠠᠵᠤ ᠪᠠᠶᠢᠳᠠᠭ ᠶᠤᠮ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠡᠷᠡᠭᠦᠯ | ᠬᠠᠮᠠᠭᠠᠯᠠᠯ ᠤᠨ ᠲᠠᠰᠤᠭ ᠤᠨ ᠰᠠᠭᠤᠷᠢ ᠲᠥᠬᠦᠭᠡᠷᠦᠮᠵᠢ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ ᠰᠤᠮᠤ | ᠪᠠᠯᠭᠠᠰᠤᠨ ᠤ ᠡᠮ ᠡᠮᠨᠡᠯᠭᠡ ᠶᠢᠨ ᠠᠵᠢᠯᠴᠢᠨ ᠤ ᠬᠥᠯᠥᠰᠦ ᠣᠯᠭᠤᠮᠵᠢ ᠶᠢ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ | ᠦᠨᠳᠦᠰᠦᠨ ᠱᠠᠲᠤᠨ ᠤ ᠡᠮ ᠡᠮᠨᠡᠯᠭᠡ ᠶᠢᠨ ᠠᠵᠢᠯᠲᠠᠨ ᠤ ᠢᠳᠡᠪᠬᠢᠵᠢᠯ ᠢ ᠳᠠᠶᠢᠴᠢᠯᠠᠨ ᠨᠡᠩ ᠣᠯᠠᠨ ᠡᠮᠨᠡᠯᠭᠡ ᠶᠢᠨ | ᠴᠢᠳᠠᠪᠤᠷᠢᠲᠠᠨ ᠶᠢ ᠲᠠᠲᠠᠨ ᠠᠪᠴᠢᠷᠠᠵᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠤᠷᠢᠲᠠᠨ | ᠤ ᠡᠬᠢ ᠪᠠᠶᠠᠯᠢᠭ ᠳᠤᠲᠠᠮᠠᠭ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠰᠤᠮᠤ ᠪᠠᠯᠭᠠᠰᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ ᠲᠣᠭᠲᠠᠮᠠᠯ | ᠬᠤᠭᠤᠴᠠᠭ᠎ᠠ ᠲᠠᠢ ᠪᠠᠷ ᠡᠮᠨᠡᠯᠭᠡ ᠶᠢᠨ ᠠᠵᠢᠯᠲᠠᠨ ᠤ ᠤᠨᠤᠯ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠪᠠ ᠰᠤᠷᠤᠯᠴᠠᠯᠭ᠎ᠠ ᠶᠢ ᠥᠷᠨᠢᠭᠦᠯᠦᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ | ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠢ ᠭᠡᠵᠡᠢ᠃ | | |