ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ︽ᠬᠤᠰᠢᠭᠤ ᠳᠠᠷᠤᠭ᠎ᠠ ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ ᠳᠤ ᠬᠢᠯᠠᠯᠵᠠᠮ᠎ᠠ ᠠᠮᠵᠢᠯᠳᠠ ᠣᠯᠪᠠ
ᠨᠡᠶᠢᠲᠡᠯᠡᠭᠰᠡᠨ ᠴᠠᠭ᠄
2019-05-27
     2019 ᠤᠨ ᠤ 4 ᠰᠠᠷ᠎ᠠ ᠶᠢᠨ 2 ᠠᠴᠠ 4 ᠤ ᠡᠳᠦᠷ ᠪᠤᠯᠳᠠᠯ᠎ᠠ ᠦᠤᠰᠢᠨ ᠬᠤᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶᠠᠨ ᠤ ᠨᠢᠭᠡᠳᠦᠯᠲᠡᠢ ᠵᠣᠬᠢᠶᠠᠨ ᠪᠠᠶᠢᠭᠤᠯᠤᠯᠲᠠ ᠪᠠᠷ ᠲᠠᠪᠤᠳᠤᠭᠠᠷ ᠤᠳᠠᠭᠠᠨ ᠤ ︽ᠬᠤᠰᠢᠭᠤ ᠲᠠᠷᠤᠭ᠎ᠠ ᠬᠤᠨᠳᠠᠭᠠᠳᠤ︾ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠬᠡᠨ ᠤᠷᠤᠯᠳᠤᠭᠠᠨ ᠦᠤᠰᠢᠨ ᠬᠤᠰᠢᠭᠤᠨ ᠤ ᠮᠣᠷᠢᠨ ᠣᠷᠣᠯᠳᠣᠭᠠᠨ ᠤ ᠲᠠᠯᠠᠪᠤᠷ ᠲᠤ ᠦᠪᠡᠳᠡᠭᠰᠢ ᠶᠡᠭᠡ ᠪᠠᠷ ᠶᠠᠪᠤᠭᠳᠠᠪᠠ᠃
 
 ᠤᠷᠳᠤᠰ ᠬᠤᠳᠠ ᠶᠢᠨ ᠮᠤᠩᠭᠤᠯ ᠦᠨᠳᠦᠰᠦᠲᠡᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠬᠦᠯ ᠪᠦᠮᠪᠦᠬᠡᠨ ᠤ ᠳᠤᠭᠤᠶᠢᠯᠠᠩ ᠤᠨ ᠰᠤᠷᠤᠭᠴᠢᠳ ᠤᠷᠤᠯᠳᠤᠭᠠᠨ ᠳᠤ ᠢᠳᠡᠪᠬᠢᠯᠡᠨ ᠣᠷᠣᠯᠴᠠᠵᠤ ᠬᠢᠯᠠᠯᠵᠠᠮ᠎ᠠ ᠠᠮᠵᠢᠯᠳᠠ ᠣᠯᠣᠯ᠎ᠠ᠃ ᠦᠢᠯᠡᠰ ᠪᠠᠭᠰᠢ ᠶᠢᠨ ᠲᠠᠭᠠᠭᠤᠯᠤᠭᠰᠠᠨ ᠠᠩᠬ᠎ᠠ ᠲᠤᠮᠳᠠᠳᠤ ᠶᠢᠨ ᠡᠷᠡᠭᠳᠡᠢ ᠶᠢᠨ ᠬᠦᠯ ᠪᠦᠮᠪᠦᠬᠡᠨ ᠠᠩᠬᠢ — ᠲᠡᠷᠢᠬᠦᠨ᠂ ᠭᠠᠯᠪᠠᠭᠠᠳᠤᠷ ᠪᠠᠭᠰᠢ ᠶᠢᠨ ᠲᠠᠭᠠᠭᠤᠯᠤᠭᠰᠠᠨ ᠠᠩᠬ᠎ᠠ ᠲᠤᠮᠳᠠᠳᠤ ᠶᠢᠨ ᠡᠮᠡᠭᠳᠡᠢ ᠶᠢᠨ ᠬᠦᠯ ᠪᠦᠮᠪᠦᠬᠡᠨ ᠠᠩᠬᠢ — ᠲᠡᠷᠢᠭᠦᠨ᠂ ᠨᠠᠰᠤᠨᠪᠠᠶᠠᠷ ᠪᠠᠭᠰᠢ ᠶᠢᠨ ᠲᠠᠭᠠᠭᠤᠯᠤᠭᠰᠠᠨ ᠲᠡᠭᠡᠳᠦ ᠲᠤᠮᠳᠠᠳᠤ ᠶᠢᠨ ᠡᠷᠡᠭᠳᠡᠢ ᠶᠢᠨ ᠬᠦᠯ ᠪᠦᠮᠪᠦᠬᠡᠨ ᠠᠩᠬᠢ — ᠲᠡᠷᠢᠭᠦᠨ ᠨᠡᠷ᠎ᠡ ᠶᠢ ᠲᠤᠰ ᠲᠤᠰ ᠲᠡᠮᠡᠴᠡᠨ ᠤᠯᠤᠭᠰᠠᠨ ᠪᠠᠶᠢᠨ᠎ᠠ᠃
 
   ᠲᠡᠶᠢᠮᠤ ᠪᠠᠷ ᠢᠶᠠᠨ ᠬᠤᠰᠢᠭᠤ ᠪᠠᠨ ᠲᠦᠯᠦᠬᠡᠯᠡᠨ ᠬᠤᠳᠠ ᠶᠢᠨ ᠲᠡᠰ ᠤᠨ ︽ᠬᠤᠳᠠ ᠶᠢᠨ ᠲᠠᠷᠤᠭ᠎ᠠ ᠬᠤᠨᠳᠠᠭᠠᠳᠤ ︾ ᠤᠷᠤᠯᠳᠤᠭᠠᠨ ᠳᠤ ᠤᠷᠤᠬᠤ ᠵᠠᠪᠰᠢᠶᠠᠨ ᠢ ᠲᠡᠮᠡᠴᠡᠨ ᠤᠯᠤᠭᠰᠠᠨ ᠪᠠᠶᠢᠨ᠎ᠠ᠃ ᠲᠤᠰ ᠤᠳᠠᠭᠠᠨ ᠤ ᠤᠷᠤᠯᠳᠤᠭᠠᠨ ᠨᠢ ᠰᠤᠷᠤᠭᠴᠢᠳ ᠤᠨ ᠤᠷᠮ᠎ᠠ ᠪᠠᠬ᠎ᠠ ᠶᠢ ᠬᠦᠭᠵᠢᠬᠡᠵᠤ᠂ ᠴᠢᠳᠠᠪᠤᠷᠢ ᠮᠡᠷᠬᠡᠰᠢᠯ ᠢ ᠨᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠬᠡᠢ ᠬᠠᠮᠳᠤ ᠨᠡᠶᠢᠲᠡᠴᠢ ᠦᠵᠡᠯ᠂ ᠬᠠᠮᠲᠤᠷᠠᠨ ᠠᠵᠢᠯᠯᠠᠬᠤ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠠᠢ᠃
 
ᠢᠷᠡᠯᠲᠡ᠄ ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号