ᠦᠥᠰᠢᠨ ᠬᠤᠰᠢᠭᠤᠨ ᠤ ᠮᠤᠩᠭᠤᠯ ᠰᠤᠷᠭᠠᠭᠤᠯᠢ ᠤᠳ ᠤᠨ ᠵᠢᠭᠠᠨ ᠰᠤᠷᠭᠠᠯᠲᠠ ᠶᠢᠨ ᠰᠤᠯᠢᠯᠴᠠᠭᠠᠨ ᠤ ᠠᠵᠢᠯᠯᠠᠭ᠎ᠠ ᠱᠠᠷᠯᠢᠭ ᠪᠠᠭ᠎ᠠ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2019-05-27
      ᠦᠥᠰᠢᠨ ᠬᠤᠰᠢᠭᠤᠨ ᠤ ᠰᠤᠷᠭᠠᠨ ᠬᠦᠮᠦᠵᠢᠯ ᠪᠡᠶ᠎ᠡ ᠳᠠᠮᠢᠷ ᠤᠨ ᠳᠤᠪᠴᠢᠶᠠᠨ ᠤ ︽ᠦᠤᠰᠢᠨ ᠬᠤᠰᠢᠭᠤᠨ  ᠤ ᠳᠣᠮᠳᠠᠳᠣ ᠪᠠᠭ᠎ᠠ ᠰᠣᠷᠭᠠᠭᠤᠯᠢ ᠶᠢᠨ ᠰᠣᠷᠭᠠᠨ ᠬᠦᠮᠦᠵᠢᠯ ᠤᠨ ᠬᠤᠯᠪᠤᠭᠠᠯᠠᠯ ᠤᠨ ᠠᠵᠢᠯᠯᠠᠭᠠᠨ ᠤ ᠬᠡᠷᠡᠭᠵᠢᠬᠦᠯᠬᠦ ᠳᠦᠰᠦᠪ︾ ᠢ ᠪᠦᠬᠦ ᠳᠠᠯ᠎ᠠ ᠪᠠᠷ ᠬᠦᠨᠵᠡᠬᠡᠶᠢᠷᠡᠬᠦᠯᠦᠨ ᠬᠡᠷᠡᠭᠵᠢᠬᠦᠯᠵᠦ᠂ ︽ᠦᠤᠰᠢᠨ ᠬᠤᠰᠢᠭᠤᠨ ᠤ ᠰᠤᠷᠭᠠᠨ ᠬᠦᠮᠦᠵᠢᠯ ᠤᠨ ᠭᠤᠷᠪᠠᠳᠣᠭᠠᠷ ᠬᠤᠯᠪᠤᠭᠠᠯᠠᠯ ᠤᠨ ᠠᠵᠢᠯᠯᠠᠭᠠᠨ ᠤ ᠬᠡᠷᠡᠭᠵᠢᠬᠦᠯᠬᠦ ᠭᠤᠷᠪᠠᠨ ᠵᠢᠯ ᠤᠨ ᠠᠵᠢᠯ ᠤᠨ ᠳᠦᠯᠦᠪᠵᠢᠬᠦᠯᠬᠡ︾ ᠪᠠᠷ ᠦᠨᠳᠦᠰᠦᠨ ᠵᠢᠯᠤᠭᠤᠳᠤᠮᠵᠢ ᠪᠤᠯᠭᠠᠵᠤ᠂ ︽ᠳᠠᠪᠤ ᠶᠢ ᠨᠢᠬᠡᠳᠬᠡᠵᠢᠬᠦᠯᠬᠦ︾ ︵ᠬᠤᠯᠪᠤᠭᠠᠯᠠᠯ ᠤᠨ ᠠᠵᠢᠯᠯᠠᠭ᠎ᠠ ᠪᠠᠨ ᠨᠢᠬᠡᠳᠬᠡᠵᠢᠬᠦᠯᠬᠦ᠂ ᠬᠤᠯᠪᠤᠭᠠᠯᠠᠯ ᠤᠨ ᠠᠵᠢᠯᠯᠠᠭᠠᠨ ᠤ ᠬᠠᠮᠢᠶᠠᠷᠤᠯᠳᠠ ᠪᠠᠨ ᠨᠢᠬᠡᠳᠬᠡᠵᠢᠬᠦᠯᠬᠦ᠂ ᠵᠢᠭᠠᠨ ᠰᠣᠷᠭᠠᠯᠳᠠ ᠶᠢᠨ ᠰᠣᠳᠣᠯᠭᠠᠨ ᠢᠶᠠᠷ ᠪᠠᠭᠰᠢ ᠶᠢᠨ ᠬᠦᠭᠵᠢᠯᠳᠡ ᠶᠢ ᠠᠬᠢᠭᠤᠯᠬᠤ ᠶᠢ ᠨᠢᠬᠡᠳᠬᠡᠵᠢᠬᠦᠯᠬᠦ᠂ ᠵᠢᠭᠠᠨ ᠰᠣᠷᠭᠠᠯᠳᠠ ᠶᠢᠨ ᠡᠬᠢ ᠪᠠᠶᠠᠯᠢᠭ ᠢᠶᠠᠨ ᠨᠢᠬᠡᠳᠬᠡᠵᠢᠬᠦᠯᠬᠦ᠂ ᠵᠢᠭᠠᠨ ᠰᠣᠷᠭᠠᠯᠳᠠ ᠶᠢᠨ ᠶᠠᠰᠣ ᠴᠢᠨᠠᠷ ᠤᠨ ᠬᠢᠨᠠᠨ ᠦᠨᠡᠯᠡᠯᠳᠡ ᠶᠢ ᠨᠢᠬᠡᠳᠬᠡᠵᠢᠬᠦᠯᠬᠦ︶ ᠠᠵᠢᠯ ᠤᠨ ᠠᠷᠭ᠎ᠠ ᠬᠡᠮᠵᠢᠶ᠎ᠡ ᠪᠠᠷ ᠦᠷᠬᠦᠯᠵᠢᠯᠡᠨ ᠦᠨᠳᠦᠰᠦᠨ ᠶᠠᠪᠤᠴᠠ ᠪᠤᠯᠭᠠᠵᠤ᠂ ᠬᠤᠯᠪᠤᠭᠠᠯᠠᠯ ᠤᠨ ᠠᠵᠢᠯᠯᠠᠭ᠎ᠠ ᠪᠠᠨ ᠨᠡᠩ ᠪᠤᠳᠠᠳᠡᠢ᠂ ᠨᠡᠩ ᠰᠢᠨ᠎ᠡ ᠰᠡᠳᠬᠢᠴᠡ ᠲᠠᠢ᠂ ᠨᠡᠩ ᠦᠷ᠎ᠡ ᠪᠦᠳᠦᠮᠵᠢᠳᠡᠢ ᠦᠷᠨᠢᠬᠦᠯᠬᠦ ᠪᠠᠷ ᠬᠤᠯᠪᠤᠭᠠᠯᠠᠯ ᠤᠨ ᠳᠦᠷᠪᠡᠨ ᠰᠣᠷᠭᠠᠭᠤᠯᠢ  ᠶᠢᠨ ᠢᠶᠠᠨ ᠵᠢᠭᠠᠨ ᠰᠤᠷᠭᠠᠯᠳᠠ ᠶᠢᠨ ᠶᠠᠰᠣ ᠴᠢᠨᠠᠷ ᠢ ᠳᠡᠬᠡᠭᠰᠢᠯᠡᠬᠦᠯᠵᠦ᠂ ︽ᠨᠡᠷᠡᠲᠥ ᠵᠠᠬᠢᠷᠤᠯ  ᠤᠨ ᠠᠵᠢᠯᠯᠠᠬᠤ ᠥᠷᠥᠭᠡ︾ ᠪᠠᠷ ᠵᠢᠯᠤᠭᠤᠳᠤᠯᠭ᠎ᠠ ᠪᠤᠯᠭᠠᠵᠤ᠂ ᠰᠣᠷᠭᠠᠭᠤᠯᠢ ᠶᠢᠨ ᠳᠤᠳᠤᠭᠠᠳᠣ ᠶᠢᠨ ᠬᠦᠭᠵᠢᠯᠳᠡ  ᠶᠢ ᠳᠦᠯᠬᠢᠨ ᠠᠬᠢᠭᠤᠯᠬᠤ ᠪᠠᠷ ᠦᠨᠳᠦᠰᠦᠨ ᠬᠠᠷᠠᠯᠳᠠ ᠪᠤᠯᠭᠠᠨ ᠤᠷᠳᠤᠰ ᠬᠤᠲᠠ ᠶᠢᠨ ᠮᠤᠩᠭᠤᠯ ᠬᠤᠶᠠᠳᠤᠭᠠᠷ ᠳᠤᠮᠳᠠᠳᠤ ᠰᠤᠷᠭᠠᠭᠤᠯᠢ ᠠᠴᠠ ᠬᠡᠯᠡ ᠲᠤᠭᠠᠨ ᠤ ᠪᠠᠭᠰᠢ ᠲᠤᠮᠢᠯᠠᠨ᠂ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ  ᠶᠢᠨ ᠬᠡᠯᠡ ᠪᠢᠴᠢᠭ ᠲᠤᠭᠠᠨ ᠤ ᠪᠠᠭᠰᠢ ᠲᠠᠢ ᠬᠠᠮᠲᠤ ᠪᠠᠷ 2019 ᠤᠨ ᠤ 5 ᠰᠠᠷ᠎ᠠ ᠶᠢᠨ 21 ᠤ ᠡᠳᠦᠷ ᠬᠠᠮᠲᠤ ᠪᠠᠷ ᠬᠢᠴᠢᠶᠡᠯ ᠪᠠᠯᠡᠳᠬᠡᠨ᠂ 5 ᠰᠠᠷ᠎ᠠ ᠶᠢᠨ 22  ᠤᠨ ᠡᠳᠦᠷ ᠥᠵᠡᠭᠦᠯᠭᠡ ᠶᠢᠨ ᠬᠢᠴᠢᠶᠡᠯ ᠨᠡᠭᠡᠭᠡᠵᠥ᠂ ᠤᠷᠳᠤᠰ ᠬᠤᠲᠠ ᠶᠢᠨ ᠮᠤᠩᠭᠤᠯ ᠦᠨᠳᠣᠰᠣᠳᠠᠨ  ᠤ ᠬᠤᠶᠠᠳᠤᠭᠠᠷ ᠳᠤᠮᠳᠠᠳᠤ ᠰᠤᠷᠭᠠᠭᠤᠯᠢ᠂ ᠥᠥᠰᠢᠨ ᠬᠤᠰᠢᠭᠤᠨ ᠤ ᠮᠤᠩᠭᠤᠯ ᠦᠨᠳᠣᠰᠣᠳᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠲᠤᠭ ᠬᠡᠥᠬᠡᠳ ᠤᠨ ᠴᠡᠴᠡᠷᠯᠢᠭ ᠪᠠᠭ᠎ᠠ ᠰᠤᠷᠭᠠᠭᠤᠯᠢ᠂ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠶᠢᠨ ᠪᠠᠭᠰᠢ ᠨᠠᠷ ᠬᠢᠴᠢᠶᠡᠯ ᠰᠤᠨᠤᠰᠤᠨ᠂ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠰᠤᠯᠢᠯᠴᠠᠨ᠂ ᠥᠨᠳᠥᠷ ᠪᠥᠲᠥᠮᠵᠢᠲᠥ ᠬᠢᠴᠢᠶᠡᠯ ᠤᠨ ᠲᠠᠩᠬᠢᠮ ᠢ ᠪᠥᠲᠥᠭᠡᠨ ᠪᠠᠶᠢᠭᠤᠯᠬᠤ ᠲᠤᠬᠠᠢ ᠥᠵᠡᠯᠲᠡ ᠪᠠᠨ ᠶᠠᠷᠢᠯᠴᠠᠵᠤ᠂ ᠥᠳᠡ ᠶᠢᠨ ᠬᠤᠶᠢᠨ᠎ᠠ ᠪᠠᠲᠤ ᠪᠠᠭᠰᠢ ᠶᠢ ᠤᠷᠢᠨ ᠬᠢᠴᠢᠶᠡᠯᠯᠡᠭᠡ ᠶᠢᠨ ᠥᠭᠡᠷᠡᠴᠢᠯᠡᠯᠲᠡ ᠶᠢᠨ ᠲᠤᠬᠠᠢ ᠲᠤᠰᠬᠠᠢ ᠰᠡᠳᠥᠪᠲᠥ ᠶᠠᠷᠢᠶ᠎ᠠ ᠬᠢᠯᠭᠡᠪᠡ᠃
     ᠪᠠᠲᠤ ᠪᠠᠭᠰᠢ ᠠᠴᠠ ︽ᠬᠢᠴᠢᠶᠡᠯᠯᠡᠭᠡ ᠶᠢᠨ ᠥᠭᠡᠷᠡᠴᠢᠯᠡᠯᠲᠡ ᠶᠢᠨ ᠬᠠᠨᠳᠤᠰᠢ ᠪᠠ ᠪᠠᠭ ᠢᠶᠠᠷ ᠬᠤᠷᠰᠢᠵᠤ ᠰᠤᠷᠬᠤ ᠶᠢᠨ ᠳᠡᠭᠡᠭᠰᠢᠯᠡᠭᠦᠯᠥᠯᠲᠡ︾ ᠬᠡᠭᠦ ᠲᠤᠰᠬᠠᠢ ᠰᠡᠳᠥᠪᠲᠥ ᠶᠠᠷᠢᠶ᠎ᠠ ᠲᠠᠯᠪᠢᠵᠥ᠂ ᠳᠡᠯᠡᠬᠡᠢ ᠶᠢᠨ ᠰᠤᠷᠭᠠᠨ ᠬᠥᠮᠥᠵᠢᠯ ᠤᠨ ᠬᠠᠨᠳᠤᠰᠢ᠂ ᠳᠤᠮᠳᠠᠳᠤ ᠶᠢᠨ ᠰᠤᠷᠭᠠᠨ ᠬᠥᠮᠥᠵᠢᠯ ᠤᠨ ᠤᠳᠤᠬᠢ ᠪᠠᠶᠢᠳᠠᠯ ᠢ ᠲᠠᠨᠢᠯᠴᠠᠭᠤᠯᠵᠤ᠂ ᠰᠤᠷᠭᠠᠨ ᠬᠥᠮᠥᠵᠢᠯ ᠤᠨ ᠶᠠᠮᠤᠨ ᠤ ᠴᠧᠨ ᠪᠤᠤ ᠱᠸᠡᠭ ᠨᠥᠬᠦᠷ ᠤᠨ 2019 ᠤᠨ ᠤ ᠪᠥᠬᠦ ᠤᠯᠤᠰ ᠤᠨ ᠰᠤᠷᠭᠠᠨ ᠬᠥᠮᠥᠵᠢᠯ ᠤᠨ ᠠᠵᠢᠯ ᠤᠨ ᠬᠤᠷᠠᠯᠳᠤᠭᠠᠨ ᠳᠡᠭᠡᠷ᠎ᠡ ᠳᠠᠯᠪᠢᠭᠰᠠᠨ ᠶᠠᠷᠢᠶ᠎ᠠ ᠶᠢ ᠵᠠᠳᠠᠯᠤᠨ ᠲᠠᠶᠢᠯᠪᠤᠷᠢᠯᠠᠵᠤ᠂ ᠪᠠᠭᠰᠢ ᠨᠠᠷ ᠵᠢᠭᠠᠨ ᠰᠤᠷᠭᠠᠯᠲᠠ ᠶᠢᠨ ᠶᠠᠪᠤᠴᠠ ᠳᠤ ᠪᠠᠨ ︽ᠵᠢᠭᠠᠬᠤ ᠪᠠᠷ ᠲᠥᠪᠯᠡᠵᠥ︾ ᠪᠠᠶᠢᠭᠰᠠᠨ ᠠᠴᠠ ᠪᠠᠨ ︽ᠰᠤᠷᠬᠤ ᠪᠠᠷ ᠲᠥᠪᠯᠡᠬᠦ︾ ᠲᠠᠶᠢᠰᠢ ᠬᠠᠨᠳᠤᠬᠤ ᠶᠢ ᠪᠡᠶᠡᠯᠡᠭᠦᠯᠵᠥ᠂ ︽ᠰᠠᠭᠤᠷᠢ ᠰᠤᠷᠭᠠᠨ ᠬᠥᠮᠥᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠬᠥᠲᠥᠯᠪᠥᠷᠢ︾ ᠶᠢ ᠳᠣᠭᠤᠰᠢᠯᠠᠭᠤᠯᠬᠤ ᠬᠡᠷᠡᠭᠲᠠᠢ ᠬᠡᠮᠡᠨ ᠨᠠᠶᠢᠲᠠᠯᠭ᠎ᠠ ᠲᠠᠯᠪᠢᠪᠠ᠃ ᠰᠤᠷᠤᠯᠴᠠᠯᠭ᠎ᠠ ᠪᠠᠷ ᠳᠠᠮᠵᠢᠨ ᠪᠠᠭᠰᠢ ᠨᠠᠷ ᠬᠢᠴᠢᠶᠡᠯ ᠤᠨ ᠲᠠᠩᠬᠢᠮ ᠥᠨᠳᠥᠷ ᠦᠷ᠎ᠡ ᠠᠰᠢᠭ ᠲᠠᠢ ᠪᠤᠯᠵᠤ ᠴᠢᠳᠠᠬᠤ ᠡᠰᠡᠬᠦ ᠶᠢᠨ  ᠵᠠᠩᠬᠢᠯᠠᠭ᠎ᠠ ᠨᠢ ᠳᠣᠭᠤᠶᠢᠯᠠᠩ ᠪᠠᠭ ᠢ ᠵᠣᠬᠢᠶᠠᠨ ᠪᠠᠶᠢᠭᠤᠯᠵᠣ ᠥᠨᠳᠥᠷ ᠦᠷ᠎ᠡ ᠠᠰᠢᠭ ᠲᠠᠢ ᠰᠤᠷᠤᠯᠴᠠᠭᠤᠯᠬᠤ᠂ ᠪᠤᠯᠪᠠᠰᠤᠷᠠᠭᠤᠯᠬᠤ ᠶᠠᠪᠤᠳᠠᠯ ᠮᠥᠨ ᠭᠡᠳᠡᠭ ᠢ ᠮᠡᠳᠡᠷᠡᠭᠰᠡᠨ ᠪᠠᠶᠢᠨ᠎ᠠ᠃
 
ᠢᠷᠡᠯᠲᠡ᠄ ᠣᠷᠳᠣᠰ ᠰᠣᠷᠭᠠᠨ ᠬᠦᠮᠦᠵᠢᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号