2019 ᠤᠨ ᠤ 4 ᠰᠠᠷ᠎ᠠ ᠶᠢᠨ 2 ᠠᠴᠠ 4 ᠤ ᠡᠳᠦᠷ ᠪᠤᠯᠳᠠᠯ᠎ᠠ ᠦᠤᠰᠢᠨ ᠬᠤᠰᠢᠭᠤᠨ ᠤ ᠰᠤᠷᠭᠠᠨ ᠬᠦᠮᠦᠵᠢᠯ | ᠪᠡᠶ᠎ᠡ ᠲᠠᠮᠢᠷ ᠤᠨ ᠲᠣᠪᠴᠢᠶᠠᠨ ᠤ ᠨᠢᠭᠡᠳᠦᠯᠲᠡᠢ ᠵᠣᠬᠢᠶᠠᠨ ᠪᠠᠶᠢᠭᠤᠯᠤᠯᠲᠠ ᠪᠠᠷ ᠲᠠᠪᠤᠳᠤᠭᠠᠷ ᠤᠳᠠᠭᠠᠨ ᠤ ︽ᠬᠤᠰᠢᠭᠤ | ᠲᠠᠷᠤᠭ᠎ᠠ ᠬᠤᠨᠳᠠᠭᠠᠳᠤ︾ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠬᠡᠨ ᠤᠷᠤᠯᠳᠤᠭᠠᠨ ᠦᠤᠰᠢᠨ ᠬᠤᠰᠢᠭᠤᠨ ᠤ | ᠮᠣᠷᠢᠨ ᠣᠷᠣᠯᠳᠣᠭᠠᠨ ᠤ ᠲᠠᠯᠠᠪᠤᠷ ᠲᠤ ᠦᠪᠡᠳᠡᠭᠰᠢ ᠶᠡᠭᠡ ᠪᠠᠷ ᠶᠠᠪᠤᠭᠳᠠᠪᠠ᠃ | | ᠤᠷᠳᠤᠰ ᠬᠤᠳᠠ ᠶᠢᠨ ᠮᠤᠩᠭᠤᠯ ᠦᠨᠳᠦᠰᠦᠲᠡᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠬᠦᠯ ᠪᠦᠮᠪᠦᠬᠡᠨ ᠤ | ᠳᠤᠭᠤᠶᠢᠯᠠᠩ ᠤᠨ ᠰᠤᠷᠤᠭᠴᠢᠳ ᠤᠷᠤᠯᠳᠤᠭᠠᠨ ᠳᠤ ᠢᠳᠡᠪᠬᠢᠯᠡᠨ ᠣᠷᠣᠯᠴᠠᠵᠤ ᠬᠢᠯᠠᠯᠵᠠᠮ᠎ᠠ ᠠᠮᠵᠢᠯᠳᠠ ᠣᠯᠣᠯ᠎ᠠ᠃ ᠦᠢᠯᠡᠰ | ᠪᠠᠭᠰᠢ ᠶᠢᠨ ᠲᠠᠭᠠᠭᠤᠯᠤᠭᠰᠠᠨ ᠠᠩᠬ᠎ᠠ ᠲᠤᠮᠳᠠᠳᠤ ᠶᠢᠨ ᠡᠷᠡᠭᠳᠡᠢ ᠶᠢᠨ ᠬᠦᠯ ᠪᠦᠮᠪᠦᠬᠡᠨ ᠠᠩᠬᠢ — ᠲᠡᠷᠢᠬᠦᠨ᠂ | ᠭᠠᠯᠪᠠᠭᠠᠳᠤᠷ ᠪᠠᠭᠰᠢ ᠶᠢᠨ ᠲᠠᠭᠠᠭᠤᠯᠤᠭᠰᠠᠨ ᠠᠩᠬ᠎ᠠ ᠲᠤᠮᠳᠠᠳᠤ ᠶᠢᠨ ᠡᠮᠡᠭᠳᠡᠢ ᠶᠢᠨ ᠬᠦᠯ ᠪᠦᠮᠪᠦᠬᠡᠨ ᠠᠩᠬᠢ — | ᠲᠡᠷᠢᠭᠦᠨ᠂ ᠨᠠᠰᠤᠨᠪᠠᠶᠠᠷ ᠪᠠᠭᠰᠢ ᠶᠢᠨ ᠲᠠᠭᠠᠭᠤᠯᠤᠭᠰᠠᠨ ᠲᠡᠭᠡᠳᠦ ᠲᠤᠮᠳᠠᠳᠤ ᠶᠢᠨ ᠡᠷᠡᠭᠳᠡᠢ ᠶᠢᠨ ᠬᠦᠯ ᠪᠦᠮᠪᠦᠬᠡᠨ ᠠᠩᠬᠢ | — ᠲᠡᠷᠢᠭᠦᠨ ᠨᠡᠷ᠎ᠡ ᠶᠢ ᠲᠤᠰ ᠲᠤᠰ ᠲᠡᠮᠡᠴᠡᠨ ᠤᠯᠤᠭᠰᠠᠨ ᠪᠠᠶᠢᠨ᠎ᠠ᠃ ᠲᠡᠶᠢᠮᠤ ᠪᠠᠷ ᠢᠶᠠᠨ ᠬᠤᠰᠢᠭᠤ ᠪᠠᠨ ᠲᠦᠯᠦᠬᠡᠯᠡᠨ | ᠬᠤᠳᠠ ᠶᠢᠨ ᠲᠡᠰ ᠤᠨ ︽ᠬᠤᠳᠠ ᠶᠢᠨ ᠲᠠᠷᠤᠭ᠎ᠠ ᠬᠤᠨᠳᠠᠭᠠᠳᠤ︾ ᠤᠷᠤᠯᠳᠤᠭᠠᠨ ᠳᠤ ᠤᠷᠤᠬᠤ ᠵᠠᠪᠰᠢᠶᠠᠨ ᠢ ᠲᠡᠮᠡᠴᠡᠨ | ᠤᠯᠤᠭᠰᠠᠨ ᠪᠠᠶᠢᠨ᠎ᠠ᠃ | | ᠲᠤᠰ ᠤᠳᠠᠭᠠᠨ ᠤ ᠤᠷᠤᠯᠳᠤᠭᠠᠨ ᠨᠢ ᠰᠤᠷᠤᠭᠴᠢᠳ ᠤᠨ ᠤᠷᠮ᠎ᠠ ᠪᠠᠬ᠎ᠠ ᠶᠢ ᠬᠦᠭᠵᠢᠬᠡᠵᠤ᠂ ᠴᠢᠳᠠᠪᠤᠷᠢ | ᠮᠡᠷᠬᠡᠰᠢᠯ ᠢ ᠨᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠬᠡᠢ ᠬᠠᠮᠳᠤ ᠨᠡᠶᠢᠲᠡᠴᠢ ᠦᠵᠡᠯ᠂ ᠬᠠᠮᠲᠤᠷᠠᠨ ᠠᠵᠢᠯᠯᠠᠬᠤ ᠪᠡᠶ᠎ᠡ | ᠲᠠᠮᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠠᠢ᠃ | |