ᠮᠠᠯᠴᠢᠨ ᠴᠠᠭᠠᠬᠠᠤᠷᠠᠭ᠎ᠠ ᠲᠠᠮᠵᠢᠯᠬᠡ ᠴᠢᠷᠮᠠᠶᠢᠯᠭ᠎ᠠ ᠶᠢᠨ ᠤᠶᠠᠯᠳᠤᠯ ᠢᠶᠠᠷ ᠶᠠᠳᠠᠭᠤ ᠠᠴᠠ ᠠᠩᠬᠢᠵᠢᠷᠠᠯ᠎ᠠ
ᠨᠡᠶᠢᠲᠡᠯᠡᠭᠰᠡᠨ ᠴᠠᠭ᠄
2019-05-27
     ᠦᠥᠰᠢᠨ ᠬᠤᠰᠢᠭᠤᠨ ᠤ ᠲᠦᠪ ᠭᠠᠯᠠᠭᠤᠳᠤ ᠪᠠᠯᠭᠠᠰᠤᠨ ᠲᠡᠬᠡᠷ᠎ᠡ ᠮᠢᠬᠠᠨ ᠲᠡᠯᠬᠡᠬᠦᠷ ᠡᠵᠡᠩᠨᠡᠵᠤ ᠪᠠᠶᠢᠭ᠎ᠠ ᠴᠠᠭᠠᠬᠠᠤᠷᠠᠭ᠎ᠠ᠂ ᠪᠦᠰᠡᠬᠦᠢ ᠬᠤᠶᠠᠭᠤᠯᠠ ᠪᠠᠨ ᠡᠳᠦᠷ ᠪᠤᠯᠭᠠᠨ ᠪᠤᠷᠪᠢ ᠪᠤᠬᠢᠰᠬᠢᠯ ᠦᠭᠡᠢ ᠶᠠᠭᠠᠷᠠᠳᠠᠭ᠃ ᠴᠠᠭᠠᠬᠠᠤᠷᠠᠭ᠎ᠠ ᠪᠤᠯ ᠰᠦᠯᠳᠡ ᠰᠤᠮᠤᠨ ᠤ ᠪᠤᠷᠤᠬᠦ᠋ᠳᠡᠭᠡ ᠭᠠᠴᠠᠭ᠎ᠠ ᠪᠠᠷ ᠨᠤᠳᠤᠭᠳᠠᠢ ᠮᠠᠯᠴᠢᠨ ᠶᠤᠮ᠃    ᠮᠢᠬᠠᠨ ᠲᠡᠯᠬᠡᠬᠦᠷ ᠡᠵᠡᠩᠨᠡᠬᠦ ᠠᠴᠠ ᠡᠮᠦᠨ᠎ᠡ᠂ ᠤᠯᠠᠨ ᠠᠵᠢᠯ ᠬᠢᠵᠦ ᠬᠦᠴᠢᠷᠳᠡᠯᠳᠡᠢ ᠠᠮᠢᠳᠤᠷᠠᠯ ᠢᠶᠠᠨ ᠠᠷᠭᠠᠴᠠᠭᠠᠵᠤ ᠪᠠᠶᠢᠭᠰᠠᠨ ᠪᠤᠯ 2016 ᠤᠨ ᠠᠴᠠ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠤᠳᠤᠯᠭ᠎ᠠ ᠶᠢᠨ ᠲᠡᠮᠵᠢᠬᠡ ᠶᠢ ᠬᠦᠷᠳᠡᠭᠰᠡᠨ ᠢᠶᠠᠷ ᠵᠤᠷᠢᠭ ᠬᠠᠳᠠᠭᠤ᠂ ᠪᠤᠳᠤᠯᠭ᠎ᠠ ᠬᠤᠯᠠ ᠴᠠᠭᠠᠬᠠᠤᠷᠠᠭ᠎ᠠ ᠬᠤᠰᠢᠭᠤᠨ ᠲᠦᠪ ᠲᠤ ᠤᠷᠳᠤᠰ ᠤᠨ ᠨᠠᠷᠢᠨ ᠨᠤᠤᠰᠤᠳᠤ ᠬᠤᠨᠢᠨ ᠤ ᠮᠢᠬᠠᠨ ᠲᠡᠯᠬᠡᠬᠦᠷ ᠡᠵᠡᠩᠨᠠᠵᠤ ᠶᠠᠳᠠᠭᠤ ᠮᠠᠯᠠᠭᠠᠢ ᠪᠠᠨ ᠠᠪᠴᠤ ᠬᠠᠶᠠᠬᠤ ᠪᠠᠷ ᠵᠤᠷᠢᠭ ᠰᠢᠢᠳᠴᠡᠢ᠃ ᠴᠠᠭᠠᠬᠠᠤᠷᠠᠭ᠎ᠠ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠶᠠᠳᠠᠭᠤ ᠬᠡᠳᠡᠭ ᠨᠡᠷ᠎ᠡ ᠪᠠᠨ ᠪᠠᠯᠠᠯᠬᠤ ᠶᠢᠨ ᠲᠦᠯᠦᠬᠡ ᠰᠢᠷᠭᠠᠭᠤ ᠬᠠᠳᠠᠭᠤᠵᠢᠯᠳᠠᠢ ᠠᠵᠢᠯᠯᠠᠵᠢ᠃ ᠢᠩᠬᠢᠬᠡᠳ᠂ ᠨᠢᠳᠤᠨᠤᠨ ᠤ ᠴᠡᠪᠡᠷ ᠤᠷᠤᠯᠭ᠎ᠠ ᠪᠠᠷᠤᠭ 20 ᠲᠦᠮᠡᠡ ᠲᠦᠭᠦᠷᠢᠭ ᠢ ᠲᠠᠪᠠᠵᠠᠢ︾ ᠬᠡᠮᠡᠨ ᠶᠠᠷᠢᠵᠤ ᠪᠠᠶᠢᠯ᠎ᠠ᠃     ᠬᠠᠳᠠᠭᠤᠵᠢᠯᠳᠠᠢ ᠴᠢᠷᠮᠠᠶᠢᠯᠭ᠎ᠠ ᠨᠢ ᠠᠵᠢᠯᠴᠢ ᠬᠦᠳᠡᠯᠮᠦᠷᠢᠴᠢ ᠴᠠᠭᠠᠬᠠᠤᠷᠠᠭ᠎ᠠ ᠶᠢᠨ ᠠᠮᠢᠳᠤᠷᠠᠯ ᠢᠶᠠᠨ ᠴᠢᠨᠡᠬᠡᠯᠢᠭᠵᠢᠬᠦᠯᠬᠦ ᠬᠦᠰᠡᠯ ᠢ ᠬᠦᠰᠡᠷᠳᠡᠬᠦᠯᠦᠬᠡ ᠦᠬᠡᠢ ᠪᠠᠶᠢᠵᠤ᠂ ᠠᠷᠠᠯᠵᠢᠶ᠎ᠠ ᠬᠠᠮᠤᠭ ᠰᠠᠶᠢᠨ ᠦᠶ᠎ᠡ ᠳᠡᠭᠡᠨ ᠡᠳᠦᠷ ᠲᠤ ᠲᠠᠪᠤᠨ ᠦᠬᠡᠷ ᠠᠷᠪᠠᠭᠠᠳ ᠬᠤᠨᠢ ᠪᠤᠷᠤᠯᠠᠭᠤᠯᠵᠤ ᠦᠩᠬᠡᠷᠡᠵᠡᠢ᠃ ᠠᠷᠠᠯᠵᠢᠶ᠎ᠠ ᠮᠠᠶᠢᠮᠠᠢ ᠬᠢᠬᠦ ᠳᠤ ᠢᠳᠡᠬᠡᠯ ᠬᠦᠨᠳᠦ ᠶᠢ ᠡᠷᠬᠢᠮᠯᠡᠬᠦ ᠨᠢ ᠬᠠᠮᠤᠭ ᠴᠢᠬᠤᠯᠠ ᠬᠡᠳᠡᠭ ᠢ ᠬᠦᠨ ᠤᠬᠠᠭᠠᠷᠠᠭᠰᠠᠨ ᠲᠡᠷᠡ ᠦᠷᠬᠦᠯᠵᠢ ᠬᠦᠳᠡᠭᠡ ᠠᠶᠢᠯ ᠢᠶᠠᠷ ᠤᠴᠢᠵᠤ ᠤᠷᠳᠤᠰ ᠤᠨ ᠨᠠᠷᠢᠨ ᠨᠤᠤᠰᠤᠳᠤ ᠬᠤᠨᠢ᠂ ᠨᠤᠳᠤᠭ ᠤᠨ ᠦᠬᠡᠷ ᠵᠡᠷᠬᠡ ᠶᠢ ᠬᠤᠳᠠᠯᠳᠤᠨ ᠠᠪᠳᠠᠭ ᠮᠦᠷᠳᠡᠬᠡᠨ ᠬᠡᠰᠡᠭ ᠡᠷᠦᠬᠡ ᠲᠠᠢ ᠤᠷᠳᠤ ᠬᠤᠭᠤᠴᠠᠭᠠᠨ ᠤ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠤ ᠮᠢᠬᠠᠨ ᠪᠦᠳᠦᠬᠡᠭᠳᠡᠬᠦᠨ ᠤ ᠪᠠᠨ ᠶᠠᠰᠤ ᠴᠢᠨᠠᠷ ᠢ ᠪᠠᠳᠤᠯᠠᠳᠠᠭ᠃     ᠡᠨᠡ ᠨᠢ ᠲᠡᠵᠢᠬᠡᠪᠤᠷᠢ ᠶᠢᠨ ᠦᠢᠯᠡᠰ ᠡᠷᠬᠢᠯᠡᠵᠦ ᠪᠠᠶᠢᠭ᠎ᠠ ᠡᠷᠦᠬᠡ ᠶᠢᠨ ᠤᠷᠤᠯᠭ᠎ᠠ ᠶᠢᠨ ᠨᠡᠮᠡᠭᠳᠡᠯ ᠢ ᠴᠤ ᠰᠢᠭᠤᠳ ᠲᠠᠶᠢᠴᠢᠯᠠᠵᠠᠢ᠃ ᠲᠦᠷᠦ ᠶᠢᠨ ᠪᠤᠳᠤᠯᠭ᠎ᠠ ᠶᠢᠨ ᠲᠡᠮᠵᠢᠯᠬᠡ᠂ ᠬᠦᠮᠦᠨ ᠠᠷᠠᠳ ᠤᠨ ᠢᠳᠡᠬᠡᠯ ᠵᠤᠷᠢᠭᠵᠢᠭᠤᠯᠤᠯ᠂ ᠦᠪᠡᠷ ᠤᠨ ᠬᠢᠨ ᠰᠢᠷᠭᠠᠭᠤ ᠴᠢᠷᠮᠠᠶᠢᠯᠭ᠎ᠠ ᠤᠶᠠᠯᠳᠤᠭᠰᠠᠨ ᠢᠶᠠᠷ ᠴᠠᠭᠠᠬᠠᠤᠷᠠᠭ᠎ᠠ ᠤᠳᠤ ᠶᠠᠳᠠᠭᠤ ᠮᠠᠯᠠᠭᠠᠢ ᠪᠠᠨ ᠲᠠᠶᠠᠭᠳᠠᠵᠤ ᠴᠢᠳᠠᠯ᠎ᠠ᠃ ᠴᠠᠭᠠᠬᠠᠤᠷᠠᠭ᠎ᠠ ᠬᠡᠯᠡᠬᠦ ᠳᠡᠭᠡᠨ᠂ ᠬᠦᠮᠦᠨ ᠵᠠᠪᠠᠯ ᠦᠪᠡᠷ ᠤᠨ ᠪᠡᠶ᠎ᠡ ᠳᠡᠭᠡᠨ ᠢᠳᠡᠬᠡᠯ ᠲᠠᠢ ᠪᠠᠶᠢᠬᠤ ᠬᠡᠷᠡᠭᠳᠡᠢ ᠮᠦᠷᠳᠡᠬᠡᠨ ᠪᠤᠰᠤᠳ ᠤᠨ ᠬᠠᠶᠢᠷ᠎ᠠ ᠡᠨᠡᠷᠢᠯ ᠢ ᠮᠡᠳᠡᠷᠡᠵᠦ ᠲᠠᠯᠠᠷᠬᠠᠬᠤ ᠰᠡᠳᠬᠢᠯᠬᠡ ᠲᠠᠢ ᠪᠠᠶᠢᠪᠠᠯ ᠡᠷᠬᠢᠯᠡᠭᠰᠡᠨ ᠦᠢᠯᠡᠰ ᠠᠭᠠᠵᠢᠮ ᠢᠶᠠᠷ ᠦᠬᠡᠳᠡ ᠪᠠᠨ ᠪᠤᠯᠤᠨ᠎ᠠ ᠬᠡᠯ᠎ᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号