ᠦᠦᠰᠢᠨ ᠬᠤᠰᠢᠭᠤᠨ ᠤ ᠠᠷᠠᠳ ᠢ ᠲᠤᠰᠠᠯᠠᠵᠤ ᠬᠦᠳᠡᠭᠡ ᠠᠵᠤ ᠠᠬᠤᠢ ᠶᠢ ᠬᠠᠷᠠᠭᠠᠯᠵᠠᠬᠤ ᠡᠳ᠋ ᠤᠨ ᠵᠠᠰᠠᠭ ᠤᠨ ᠨᠦᠬᠦᠪᠦᠷᠢ ᠮᠦᠩᠭᠦᠨ ᠤ ︽ᠪᠦᠬᠦᠨ ᠳᠤ ᠳᠣᠬᠢᠷᠠᠬᠤ ᠺᠡᠷᠲ︾᠎ ᠤᠨ ᠳᠣᠰᠬᠠᠢ ᠵᠠᠰᠠᠨ ᠴᠡᠭᠴᠡᠯᠡᠯᠳᠡ ᠳᠤ ᠬᠢᠨᠠᠯᠳᠠ ᠲᠠᠯᠪᠢᠨ ᠢᠯᠡᠴᠢᠯᠡᠨ ᠮᠡᠳᠡᠬᠦᠯᠬᠦ ᠠᠷᠭ᠎ᠠ ᠵᠠᠮ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2019-05-28
    ᠠᠷᠠᠳ ᠢ ᠲᠤᠰᠠᠯᠠᠵᠤ ᠬᠦᠳᠡᠭᠡ ᠠᠵᠤ ᠠᠬᠤᠢ ᠶᠢ ᠬᠠᠷᠠᠭᠠᠯᠵᠠᠬᠤ ᠡᠳ᠋ ᠤᠨ ᠵᠠᠰᠠᠭ ᠤᠨ ᠨᠦᠬᠦᠪᠦᠷᠢ ᠮᠦᠩᠭᠦᠨ ᠎ ᠤ ︽ᠪᠦᠬᠦᠨ ᠳᠤ ᠳᠣᠬᠢᠷᠠᠬᠤ ᠺᠡᠷᠲ︾᠎ ᠤᠨ ᠳᠣᠰᠬᠠᠢ ᠵᠠᠰᠠᠨ ᠴᠡᠭᠴᠡᠯᠡᠯᠠᠳᠠ ᠶᠢᠨ ᠠᠵᠢᠯ ᠢ ᠣᠯᠠᠮ ᠨᠢᠭᠡ ᠠᠯᠬᠤᠮ ᠦᠷᠨᠢᠬᠦᠯᠤᠨ ᠣᠯᠠᠨ ᠲᠦᠮᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠬᠦᠢᠴᠡᠳ ᠪᠠᠳᠠᠷᠠᠭᠤᠯᠵᠤ ᠬᠢᠨᠠᠯᠲᠠ ᠲᠠᠯᠪᠢᠨ ᠢᠯᠡᠴᠢᠯᠡᠨ ᠮᠡᠳᠡᠬᠦᠯᠬᠦ ᠠᠷᠭ᠎ᠠ ᠵᠠᠮ ᠢ ᠰᠢᠯᠣᠭᠤᠳᠬᠠᠨ ᠣᠯᠠᠨ ᠲᠦᠮᠡᠨ ᠤ ᠠᠰᠠᠭᠤᠳᠠᠯ ᠢ ᠲᠤᠰᠬᠠᠬᠤ ᠳᠤ ᠲᠦᠬᠦᠮ ᠦᠵᠡᠬᠦᠯᠬᠦ ᠶᠢᠨ ᠲᠦᠯᠦᠭᠡ ᠢᠯᠡᠴᠢᠯᠡᠨ ᠮᠡᠳᠡᠬᠦᠯᠬᠦ ᠬᠠᠮᠢᠶ᠎ᠠ ᠪᠦᠬᠦᠢ ᠣᠴᠢᠷ ᠢ ᠲᠤᠤᠷᠠᠬᠢ ᠮᠡᠳᠦ ᠵᠠᠷᠯᠠᠶ᠎ᠠ᠄     ᠨᠢᠭᠡ᠂ ᠬᠢᠨᠠᠯᠲᠠ ᠲᠠᠯᠪᠢᠨ ᠢᠯᠡᠴᠢᠯᠡᠨ ᠮᠡᠳᠡᠬᠦᠯᠬᠦ ᠬᠦᠷᠢᠶ᠎ᠡ ᠬᠡᠪᠴᠢᠶ᠎ᠡ     2017 — 2018 ᠣᠨ ᠤ ᠲᠦᠪ᠂ ᠣᠷᠣᠨ᠂ ᠬᠤᠳᠠ᠂ ᠬᠤᠰᠢᠭᠤ ᠱᠠᠳᠣᠨ ᠤ ᠡᠯ᠎ᠡ ᠲᠦᠷᠦᠯ ᠤᠨ ᠠᠷᠠᠳ ᠢ ᠲᠤᠰᠠᠯᠠᠵᠤ ᠬᠦᠳᠡᠭᠡ ᠠᠵᠤ ᠠᠬᠤᠢ ᠶᠢ ᠬᠠᠷᠠᠭᠠᠯᠵᠠᠬᠤ ᠡᠳ᠋ ᠤᠨ ᠵᠠᠰᠠᠭ ᠤᠨ ᠨᠦᠬᠦᠪᠦᠷᠢ ᠮᠦᠩᠭᠦᠨ ︵ᠨᠡᠶᠢᠬᠡᠮ ᠤᠨ ᠳᠠᠭᠠᠳᠬᠠᠯ ᠪᠤᠯᠤᠨ ᠰᠣᠷᠭᠠᠨ ᠬᠦᠮᠦᠵᠢᠯ ᠤᠨ ᠲᠦᠷᠦᠯ ᠤᠨ ᠮᠦᠩᠭᠦ ᠪᠠᠭᠲᠠᠬᠤ ᠦᠭᠡᠢ︶᠎ ᠤ ︽ᠪᠦᠬᠦᠨ ᠳᠤ ᠳᠣᠬᠢᠷᠠᠬᠤ ᠺᠡᠷᠲ︾᠎ ᠤᠨ ᠬᠠᠮᠢᠶᠠᠷᠣᠯᠲᠠ ᠪᠠ ᠬᠡᠷᠡᠭᠯᠡᠭᠡᠨ ᠤ ᠶᠠᠪᠤᠴᠠ ᠲᠤᠮᠲᠠ ᠣᠷᠣᠰᠢᠵᠣ ᠪᠠᠶᠢᠭ᠎ᠠ ᠡᠬᠦᠷᠭᠡ ᠲᠤᠰᠢᠶᠠᠯ ᠢᠶᠠᠨ ᠪᠡᠶᠡᠯᠡᠭᠦᠯᠦᠭᠰᠡᠨ ᠢᠶᠠᠷ ᠲᠤᠲᠠᠮᠠᠭ ᠪᠠ ᠲᠦᠷᠢᠮ ᠲᠤᠭᠲᠠᠭᠠᠯ᠂ ᠰᠠᠬᠢᠯᠭ᠎ᠠ ᠪᠠᠳᠣ᠂ ᠬᠠᠤᠯᠢ ᠴᠠᠭᠠᠵᠠ ᠶᠢ ᠵᠦᠷᠢᠴᠡᠭᠰᠡᠨ ᠠᠰᠠᠭᠤᠲᠠᠯ᠃     1. ᠲᠦᠷᠦ ᠶᠢᠨ ᠪᠤᠳᠣᠯᠭ᠎ᠠ ᠶᠢ ᠨᠠᠶᠢᠳᠠᠪᠣᠷᠢᠵᠢᠭᠤᠯᠬᠤ᠂ ᠪᠡᠯᠡ ᠮᠦᠩᠬᠦᠨ ᠤ ᠬᠠᠮᠢᠶᠠᠷᠣᠯᠲᠠ ᠬᠦᠢᠴᠡᠳ ᠪᠣᠰᠣ ᠠᠰᠠᠭᠤᠲᠠᠯ᠄     ︵1︶ ᠲᠤᠭᠲᠠᠭᠠᠯ ᠢ ᠵᠦᠷᠢᠴᠡᠨ ᠪᠡᠯᠡ ᠮᠦᠩᠭᠦᠨ ᠤ ᠲᠦᠷᠦᠯ ᠵᠤᠶᠢᠯ ᠢ ᠠᠩᠭᠢᠯᠠᠵᠤ ᠪᠠᠭᠠᠰᠬᠠᠬᠤ᠂ ᠤᠯᠠᠨ ᠲᠠᠯ᠎ᠠ ᠠᠴᠠ ᠭᠠᠷ ᠲᠦᠷᠦᠭᠦ ᠠᠰᠠᠭᠤᠳᠠᠯ᠃     ︵2︶ ᠪᠡᠯᠡ ᠮᠦᠩᠬᠦ ᠶᠢ ᠴᠠᠭ ᠲᠠᠷᠣᠢ ᠳᠤᠨᠢ ᠬᠦᠢᠴᠡᠳ ᠳᠠᠷᠬᠠᠭᠠᠬᠤ ᠦᠭᠡᠢ᠂ ᠬᠦᠷᠳᠡᠬᠡᠪᠠᠰᠣ ᠵᠤᠬᠢᠬᠤ ᠲᠦᠷᠦ ᠶᠢᠨ ᠪᠤᠳᠣᠯᠭ᠎ᠠ ᠶᠢ ᠬᠦᠷᠳᠡᠬᠡᠭᠰᠡᠨ ᠦᠭᠡᠢ ᠵᠡᠷᠭᠡ ᠠᠰᠠᠭᠤᠳᠠᠯ᠃     ︵3︶ ᠪᠠᠷᠢᠮᠵᠢᠶ᠎ᠠ ᠪᠤᠯᠤᠨ ᠬᠦᠷᠢᠶ᠎ᠡ ᠬᠡᠪᠴᠢᠶᠡᠨ ᠠᠴᠠ ᠨᠢ ᠳᠠᠪᠠᠭᠤᠯᠵᠤ ᠳᠠᠷᠬᠠᠭᠠᠨ ᠣᠯᠭᠤᠬᠤ᠂ ᠪᠤᠴᠠᠭᠠᠪᠠᠯ ᠵᠤᠬᠢᠬᠤ ᠶᠢ ᠨᠢ ᠪᠤᠴᠠᠭᠠᠭᠰᠠᠨ ᠦᠭᠡᠢ᠂ ᠬᠦᠷᠳᠡᠬᠡᠵᠣ ᠪᠤᠯᠬᠤ ᠦᠭᠡᠢ ᠳᠤᠨᠢ ᠲᠤᠭᠳᠠᠭᠠᠯ ᠢ ᠵᠦᠷᠢᠴᠡᠨ ᠬᠦᠷᠳᠡᠬᠡᠭᠰᠡᠨ ᠵᠡᠷᠭᠡ ᠠᠰᠠᠭᠤᠳᠠᠯ᠃     ︵4︶ ︿︿ᠪᠦᠬᠦᠨ ᠳᠤ ᠳᠣᠬᠢᠷᠠᠬᠤ ᠺᠠᠷᠲ﹀﹀᠎ ᠢᠶᠠᠷ ᠳᠠᠷᠬᠠᠭᠠᠨ ᠣᠯᠭᠤᠬᠤ ᠶᠤᠰᠣᠲᠠᠢ ᠳᠤᠨᠢ ᠪᠡᠯᠡᠨ ᠵᠤᠭᠤᠰ ᠦᠭᠭᠦᠭᠰᠡᠨ᠂ ᠰᠢᠭᠤᠳ ᠣᠯᠭᠤᠬᠤ ᠶᠤᠰᠣᠲᠠᠢ ᠳᠤᠨᠢ ︿︿ᠬᠤᠶᠠᠳᠠᠬᠢ ᠬᠤᠪᠢᠶᠠᠷᠢᠯᠠᠯᠲᠠ﹀﹀ ᠬᠢᠭᠰᠡᠨ ᠵᠡᠷᠭᠡ ᠠᠰᠠᠭᠤᠳᠠᠯ᠃     ︵5︶ ᠲᠦᠷᠦ ᠶᠢᠨ ᠪᠤᠳᠣᠯᠭ᠎ᠠ ᠶᠢᠨ ᠤᠬᠠᠭᠤᠯᠭ᠎ᠠ ᠪᠠ ᠬᠤᠪᠢᠶᠠᠷᠢᠯᠠᠭᠰᠠᠨ ᠳ᠋ᠦᠩ ᠢ ᠢᠯᠡ ᠨᠡᠶᠢᠳᠡᠯᠡᠬᠦ ᠪᠠᠷ ᠬᠦᠢᠴᠡᠳ ᠪᠤᠰᠣ᠂ ᠣᠯᠠᠨ ᠲᠦᠮᠡᠨ ᠬᠠᠮᠢᠶ᠎ᠠ ᠪᠦᠬᠦᠢ ᠲᠦᠷᠦ ᠶᠢᠨ ᠪᠤᠳᠣᠯᠭ᠎ᠠ ᠪᠤᠯᠤᠨ ᠬᠤᠪᠢᠶᠠᠷᠢᠯᠠᠯᠲᠠ ᠶᠢᠨ ᠪᠠᠶᠢᠳᠠᠯ ᠢ ᠣᠶᠢᠯᠠᠭᠠᠬᠤ ᠦᠭᠡᠢ ᠪᠠᠶᠢᠬᠤ ᠵᠡᠷᠭᠡ ᠠᠰᠠᠭᠤᠳᠠᠯ᠃     ︵6︶ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠰᠣᠮᠣ ᠪᠠᠯᠭᠠᠰᠣ ︵ᠵᠡᠭᠡᠯᠢ ᠭᠤᠳᠣᠮᠵᠢ︶᠂ ᠭᠠᠴᠠᠭ᠎ᠠ ᠲᠤᠰᠬᠤᠨ ᠨᠢ ︿︿ᠪᠦᠬᠦᠨ ᠳᠤ ᠳᠣᠬᠢᠷᠠᠬᠤ ᠺᠠᠷᠲ﹀﹀᠎ ᠤᠨ ᠪᠡᠯᠡ ᠮᠦᠩᠭᠦᠨ ᠤ ᠬᠠᠮᠢᠶᠠᠷᠣᠯᠲᠠ ᠶᠢᠨ ᠳᠠᠩᠰᠠ ᠡᠪᠬᠢᠮᠡᠯ ᠪᠠᠶᠢᠭᠤᠯᠣᠭᠰᠠᠨ ᠦᠭᠡᠢ᠂ ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠶᠠᠪᠤᠴᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠬᠦᠢᠴᠡᠳᠭᠡᠭᠰᠡᠨ ᠦᠭᠡᠢ᠂ ᠨᠦᠬᠦᠪᠦᠷᠢ ᠬᠦᠷᠳᠡᠬᠦ ᠡᠳᠡᠭᠡᠳ ᠤᠨ ᠪᠡᠶ᠎ᠡ ᠶᠢᠨ ᠭᠠᠷᠣᠯ ᠤᠨ ᠴᠢᠮᠡᠭᠡ ᠵᠠᠩᠭᠢ ᠶᠢ ᠴᠠᠭ ᠲᠠᠷᠣᠢ ᠳᠤᠨᠢ ᠬᠢᠨᠠᠨ ᠬᠠᠷᠭᠤᠭᠤᠯᠣᠭᠰᠠᠨ ᠦᠭᠡᠢ᠂ ᠳᠠᠷᠬᠠᠭᠠᠳᠣᠢ ᠪᠡᠯᠡ ᠮᠦᠩᠭᠦ ᠶᠢ ᠲᠤᠭᠲᠠᠭᠠᠯ ᠶᠤᠰᠣᠭᠠᠷ ᠬᠠᠳᠠᠭᠠᠯᠠᠵᠤ ᠲᠠᠯᠪᠢᠭᠰᠠᠨ ᠦᠭᠡᠢ ᠵᠡᠷᠭᠡ ᠠᠰᠠᠭᠤᠳᠠᠯ᠃     ︵7︶ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦ ᠶᠢᠨ ᠪᠤᠳᠣᠯᠭ᠎ᠠ ᠨᠢ ᠪᠤᠳᠠᠳᠠᠢ ᠲᠠᠢ ᠨᠡᠶᠢᠴᠡᠬᠦ ᠦᠭᠡᠢ᠂ ᠠᠯᠳᠠᠭ᠎ᠠ ᠪᠤᠷᠤᠭᠤ ᠠᠷᠪᠢᠨ᠂ ᠲᠦᠷᠦ ᠶᠢᠨ ᠪᠤᠳᠣᠯᠭ᠎ᠠ ᠶᠢᠨ ᠠᠴᠢ ᠲᠤᠰᠠ ᠢᠯᠡᠷᠬᠡᠢ ᠪᠤᠰᠣ ᠵᠡᠷᠭᠡ ᠠᠰᠠᠭᠤᠳᠠᠯ᠃    2. ︿︿ᠪᠦᠬᠦᠨ ᠳᠤ ᠳᠣᠬᠢᠷᠠᠬᠤ ᠺᠠᠷᠲ﹀﹀᠎ ᠶᠢ ᠭᠠᠷᠭᠠᠬᠤ᠂ ᠲᠠᠷᠬᠠᠭᠠᠬᠤ᠂ ᠬᠡᠷᠡᠭᠯᠡᠬᠦ ᠨᠢ ᠲᠦᠷᠢᠮᠵᠢᠭᠦᠨ ᠪᠤᠰᠣ ᠠᠰᠠᠭᠤᠳᠠᠯ᠄     ︵1︶ ᠰᠠᠯᠠᠭ᠎ᠠ ᠮᠦᠴᠢᠷ ᠤᠳ ᠦᠷᠢᠰᠦᠯᠳᠦᠨ ᠤᠯᠠᠨ ᠺᠠᠷᠲ ᠭᠠᠷᠭᠠᠭᠰᠠᠨ ᠠᠴᠠ ︿︿ᠨᠢᠬᠡ ᠬᠦᠮᠦᠨ ᠣᠯᠠᠨ ᠺᠠᠷᠲ﹀﹀᠎ ᠲᠠᠢ ᠪᠤᠯᠵᠤ᠂ ᠬᠡᠷᠡᠭᠯᠡᠬᠦ ᠳᠤ ᠲᠦᠬᠦᠮ ᠦᠭᠡᠢ ᠪᠤᠯᠤᠭᠰᠠᠨ ᠵᠡᠷᠭᠡ ᠠᠰᠠᠭᠤᠳᠠᠯ᠃     ︵2︶ ᠣᠷᠣᠯᠠᠨ ᠬᠦᠢᠴᠡᠳᠬᠡᠬᠦ ᠪᠠᠩᠬᠢ ᠭᠡᠳᠦᠷᠬᠡᠢ ᠣᠯᠠᠨ᠂ ᠣᠷᠣᠯᠠᠨ ᠬᠦᠢᠴᠡᠳᠬᠡᠬᠦ ᠠᠵᠢᠯ ᠭᠡᠳᠦᠷᠬᠡᠢ ᠡᠮᠬᠢ ᠵᠢᠷᠣᠮ ᠦᠭᠡᠢ ᠪᠠᠶᠢᠵᠤ ᠣᠷᠣᠯᠠᠨ ᠬᠦᠢᠴᠡᠳᠬᠡᠬᠦ ᠪᠠᠩᠬᠢ ᠶᠢ ᠰᠣᠩᠭᠤᠬᠤ ᠶᠠᠪᠤᠴᠠ ᠲᠤᠮᠲᠠ ᠪᠠᠨ ᠢᠯᠡ ᠪᠠᠷ ᠳᠠᠭᠠᠭᠠᠴᠢᠯᠠᠯᠲᠠ ᠵᠠᠷᠯᠠᠭᠰᠠᠨ ᠦᠭᠡᠢ ᠵᠡᠷᠭᠡ ᠠᠰᠠᠭᠤᠳᠠᠯ᠃     ︵3︶ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠤᠷᠤᠯᠠᠨ ᠭᠦᠢᠴᠡᠳᠬᠡᠬᠦ ᠪᠠᠩᠬᠢ ᠨᠢ ᠲᠤᠭᠲᠠᠭᠠᠯ ᠢ ᠵᠦᠷᠢᠴᠡᠨ ᠰᠦᠢᠳᠭᠡᠯ ᠬᠤᠷᠢᠶᠠᠵᠤ ᠤᠯᠠᠨ ᠲᠦᠮᠡᠨ ᠤ ᠳᠠᠷᠣᠭᠠᠰᠣ ᠶᠢ ᠨᠡᠮᠡᠭᠳᠡᠬᠦᠯᠵᠦ ᠪᠠᠶᠢᠭ᠎ᠠ ᠵᠡᠷᠭᠡ ᠠᠰᠠᠭᠤᠳᠠᠯ᠃    3. ᠬᠠᠤᠯᠢ ᠲᠦᠷᠢᠮ ᠢ ᠵᠦᠷᠢᠴᠡᠭᠰᠡᠨ ᠠᠰᠠᠭᠤᠳᠠᠯ᠄     ︵1︶ ᠡᠳ᠋ ᠤᠨ ᠵᠠᠰᠠᠭ ᠤᠨ ᠨᠦᠬᠦᠪᠦᠷᠢ ᠮᠦᠩᠬᠦ ᠶᠢ ᠭᠤᠶᠤᠪᠴᠢᠯᠠᠨ ᠮᠡᠳᠡᠬᠦᠯᠵᠤ ᠬᠢᠨᠠᠨ ᠬᠠᠷᠭᠤᠭᠤᠯᠬᠤ ᠪᠠ ᠺᠠᠷᠲ ᠭᠠᠷᠭᠠᠬᠤ ᠶᠠᠪᠤᠴᠠ ᠳᠤ ᠰᠠᠳᠣᠨ ᠲᠦᠷᠦᠯ ᠨᠠᠶᠢᠵᠠ ᠨᠦᠬᠦᠳ ᠢᠶᠠᠨ ᠲᠤᠲᠤᠭᠤᠷᠴᠢᠯᠠᠬᠤ᠂  ᠬᠢᠬᠠᠬᠤ᠂ ᠡᠷᠬᠡ ᠎ ᠪᠠᠨ ᠠᠰᠢᠭᠯᠠᠨ ᠠᠮᠢ ᠪᠠᠨ ᠪᠤᠷᠳᠣᠬᠤ ᠵᠡᠷᠭᠡ ᠠᠰᠠᠭᠤᠲᠠᠯ᠃     ︵2︶ ᠬᠠᠭ᠋ᠤᠣᠯᠢᠳᠠᠨ ᠮᠡᠭᠡᠯᠡᠬᠦ ᠠᠷᠭ᠎ᠠ ᠪᠠᠷ ᠲᠠᠮᠵᠢᠵᠤ ᠨᠦᠬᠦᠪᠦᠷᠢ ᠮᠦᠩᠬᠦ ᠲᠠᠢ ᠥᠯᠥ ᠬᠤᠯᠪᠣᠭᠳᠠᠬᠤ ᠬᠦᠮᠦᠨ ᠤ ᠪᠡᠶ᠎ᠡ ᠶᠢᠨ ᠦᠨᠡᠮᠯᠡᠯ ᠢ ᠬᠡᠷᠡᠭᠯᠡᠨ ︿︿ᠪᠦᠬᠦᠨ ᠳᠤ ᠳᠣᠬᠢᠷᠠᠬᠤ ᠺᠠᠷᠲ﹀﹀᠎ ᠶᠢ ᠭᠠᠷᠭᠠᠨ ᠠᠪᠴᠣ᠂ ᠡᠳ᠋ ᠎ ᠤᠨ ᠵᠠᠰᠠᠭ ᠤᠨ ᠨᠦᠬᠦᠪᠦᠷᠢ ᠮᠦᠩᠬᠦ ᠶᠢ ᠬᠠᠭᠤᠷᠮᠠᠭ ᠢᠶᠠᠷ ᠮᠡᠳᠡᠬᠦᠯᠦᠨ ᠣᠷᠣᠯᠠᠵᠤ ᠠᠪᠤᠭᠰᠠᠨ ᠵᠡᠷᠬᠡ ᠠᠰᠠᠭᠤᠳᠠᠯ᠃     ︵3︶ ᠡᠳ᠋ ᠤᠨ ᠵᠠᠰᠠᠭ ᠤᠨ ᠨᠦᠬᠦᠪᠦᠷᠢ ᠮᠦᠩᠬᠦ ᠶᠢ ᠱᠠᠮᠰᠢᠨ ᠡᠵᠡᠷᠬᠡᠵᠦ᠂ ᠰᠠᠭᠤᠯᠭᠠᠨ ᠠᠪᠴᠣ ᠨᠡᠬᠦᠯᠭᠡᠨ ᠬᠡᠷᠡᠭᠯᠡᠭᠰᠡᠨ ᠵᠡᠷᠬᠡ ᠠᠰᠠᠭᠤᠳᠠᠯ᠃     ︵4︶ ᠲᠤᠬᠠᠢ ᠶᠢᠨ ᠬᠦᠮᠦᠨ ᠤ ᠵᠦᠪᠰᠢᠶᠡᠷᠡᠯ ᠢ ᠣᠯᠤᠭ᠎ᠠ ᠦᠭᠡᠢ ᠪᠠᠷ ᠪᠣᠰᠣᠳ ᠤᠨ ︿︿ᠪᠦᠬᠦᠨ ᠳᠤ ᠳᠣᠬᠢᠷᠠᠬᠤ ᠺᠠᠷᠲ﹀﹀᠎ ᠶᠢ ᠳᠣᠷ᠎ᠠ ᠪᠠᠷ ᠬᠠᠳᠠᠭᠠᠯᠠᠵᠤ ᠴᠢᠨᠠᠭᠰᠢᠯᠠᠨ ᠪᠠᠷᠢᠴᠠᠭᠠᠯᠠᠭᠰᠠᠨ ᠵᠡᠷᠬᠡ ᠠᠰᠠᠭᠤᠳᠠᠯ᠃     ᠬᠤᠶᠠᠷ᠂ ᠬᠢᠨᠠᠯᠲᠠ ᠲᠠᠯᠪᠢᠨ ᠢᠯᠡᠴᠢᠯᠡᠬᠦ ᠳᠤ ᠠᠩᠬᠠᠷᠣᠰᠢᠳᠠᠢ ᠵᠦᠢᠯ    1. ᠢᠯᠡᠴᠢᠯᠡᠨ ᠮᠡᠳᠡᠬᠦᠯᠦᠭᠴᠢ ᠡᠷᠬᠡᠪᠰᠢ ᠣᠯᠣᠰ ᠤᠨ ᠬᠠᠤᠯᠢ ᠲᠦᠷᠢᠮ ᠢ ᠵᠢᠷᠣᠮᠯᠠᠨ ᠲᠤᠰᠬᠠᠭᠰᠠᠨ ᠠᠰᠠᠭᠤᠳᠠᠯ ᠨᠢ ᠵᠠᠪᠠᠯ ᠦᠨᠡᠨ ᠪᠤᠳᠠᠲᠠᠢ ᠪᠠᠶᠢᠵᠤ ᠬᠠᠩᠭᠠᠭᠰᠠᠨ ᠮᠡᠲ᠋ᠧᠷᠢᠶᠠᠯ ᠤᠨ ᠠᠭᠤᠯᠭ᠎ᠠ ᠶᠢᠨ ᠦᠨᠡᠨ ᠪᠤᠳᠠᠲᠤ ᠴᠢᠨᠠᠷ ᠲᠤ ᠬᠠᠷᠢᠭᠤᠴᠠᠨ ᠬᠤᠳᠠᠯ ᠢᠶᠠᠷ ᠵᠤᠬᠢᠶᠠᠵᠤ ᠬᠡᠷᠡᠭ ᠶᠠᠪᠤᠳᠠᠯ ᠢ ᠭᠠᠵᠢᠭᠤᠲᠠᠭᠤᠯᠤᠭᠰᠠᠨ ᠦᠭᠡᠢ ᠪᠠᠶᠢᠬᠤ ᠬᠡᠷᠡᠭᠲᠡᠢ︔ ᠪᠤᠰᠣᠳ ᠢ ᠦᠳᠦᠭᠡᠨ ᠬᠤᠯᠪᠣᠭᠠᠯᠠᠵᠤ᠂ ᠰᠦᠷᠳᠡᠬᠦᠯᠦᠨ ᠠᠷᠭᠠᠳᠠᠵᠤ ᠪᠠᠶᠢᠭᠠᠳ ᠢᠯᠡᠴᠢᠯᠡᠨ ᠮᠡᠳᠡᠬᠦᠯᠵᠦ ᠪᠤᠯᠬᠤ ᠦᠭᠡᠢ᠃ ᠬᠤᠳᠠᠯ ᠢᠶᠠᠷ ᠬᠡᠷᠡᠭ ᠵᠤᠬᠢᠶᠠᠵᠤ ᠬᠢᠯᠢᠰᠳᠡᠬᠦᠯᠦᠨ ᠬᠤᠤᠷᠯᠠᠭᠰᠠᠨ ᠠᠵᠢᠯᠯᠠᠭ᠎ᠠ ᠲᠠᠢ ᠪᠠᠶᠢᠵᠤ ᠶᠠᠯ᠎ᠠ ᠬᠢᠭᠰᠡᠨ ᠬᠡᠮᠵᠢᠶᠡᠨ ᠳᠤ ᠬᠦᠷᠪᠡᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠬᠦᠯᠦᠨ ᠬᠦᠷᠭᠡᠵᠦ ᠬᠠᠤᠯᠢ ᠶᠤᠰᠣᠭᠠᠷ ᠰᠢᠢᠳᠪᠦᠷᠢᠯᠡᠨ᠎ᠡ᠃    2. ᠦᠨᠡᠨ ᠨᠡᠷ᠎ᠡ ᠪᠠᠷ ᠢᠯᠡᠴᠢᠯᠡᠨ ᠮᠡᠳᠡᠬᠦᠯᠬᠦ ᠶᠢ ᠰᠣᠷᠲᠠᠯᠴᠢᠯᠠᠵᠤ᠂ ᠢᠯᠡᠴᠢᠯᠡᠨ ᠮᠡᠳᠡᠬᠦᠯᠦᠭᠰᠡᠳ ᠤᠨ ᠨᠢᠭᠤᠴᠠ ᠶᠢ ᠬᠠᠮᠠᠭᠠᠯᠠᠨ᠎ᠠ ︵ᠢᠯᠡᠴᠢᠯᠡᠨ ᠮᠡᠳᠡᠭᠦᠯᠦᠭᠴᠢ ᠶᠢᠨ ᠦᠨᠡᠨ ᠨᠡᠷ᠎ᠡ᠂ ᠪᠡᠶ᠎ᠡ ᠶᠢᠨ ᠦᠨᠡᠮᠯᠡᠯ ᠤᠨ ᠨᠤᠮᠧᠷ᠂ ᠭᠡᠷ ᠪᠦᠯᠢ ᠶᠢᠨ ᠰᠠᠭᠤᠭ᠎ᠠ ᠭᠠᠵᠠᠷ ᠪᠤᠶᠤ ᠠᠵᠢᠯᠯᠠᠬᠤ ᠪᠠᠶᠢᠭᠤᠯᠭ᠎ᠠ ᠵᠢᠴᠢ ᠣᠨᠣᠪᠴᠢᠲᠠᠢ ᠬᠠᠷᠢᠯᠴᠠᠬᠤ ᠠᠷᠭ᠎ᠠ ᠵᠡᠷᠭᠡ ᠠᠭᠤᠯᠭ᠎ᠠ ᠪᠠᠨ ᠲᠤᠳᠤᠷᠬᠠᠶᠢᠯᠠᠵᠤ ᠮᠡᠳᠡᠭᠦᠯᠦᠭᠡᠷᠡᠢ᠂ ᠪᠠᠶᠢᠴᠠᠭᠠᠭᠴᠢ ᠠᠴᠠ ᠴᠠᠭ ᠲᠠᠷᠣᠢ ᠳᠤᠨᠢ ᠲᠠᠨ ᠠᠴᠠ ᠪᠠᠶᠢᠳᠠᠯ ᠎ ᠢ ᠣᠶᠢᠯᠠᠭᠠᠬᠤ ᠪᠠ ᠪᠠᠶᠢᠴᠠᠭᠠᠭᠰᠠᠨ ᠦᠷ᠎ᠡ ᠳ᠋ᠦᠩ ᠢᠶᠠᠨ ᠲᠠᠨ ᠳᠤ ᠬᠠᠷᠢᠭᠤ ᠲᠤᠰᠬᠠᠬᠤ ᠳᠤ ᠳᠦᠬᠦᠮ ᠶᠤᠮ︶᠃ ᠭᠤᠷᠪᠠ᠂ ᠬᠢᠨᠠᠯᠲᠠ ᠲᠠᠯᠪᠢᠨ ᠢᠯᠡᠴᠢᠯᠡᠨ ᠮᠡᠳᠡᠬᠦᠯᠬᠦ ᠣᠳᠠᠰᠣ ᠬᠤᠰᠢᠭᠤ ᠱᠠᠳᠣᠨ ᠤ ᠢᠯᠡᠴᠢᠯᠡᠨ ᠮᠡᠳᠡᠬᠦᠯᠬᠦ ᠣᠳᠠᠰᠣ᠄ 0477—7212388 ᠬᠦᠯᠢᠶᠡᠨ ᠠᠪᠬᠤ ᠴᠠᠭ᠄ 8᠄ 30—12᠄00     14᠄ 30—15᠄ 30                                                     ᠦᠦᠰᠢᠨ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ                           2019 ᠣᠨ ᠤ 5 ᠰᠠᠷ᠎ᠠ ᠶᠢᠨ 28᠎ ᠤ ᠡᠳᠦᠷ
 
ᠢᠷᠡᠯᠲᠡ᠄ ᠬᠤᠰᠢᠭᠤ ᠡᠳ᠋ ᠤᠨ ᠵᠠᠰᠠᠭ ᠤᠨ ᠳᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号