ᠮᠠᠨ ᠤ ᠬᠤᠰᠢᠭᠤ ᠰᠢᠨᠵᠢᠯᠡᠬᠦ ᠣᠬᠠᠭᠠᠨᠴᠢ ᠪᠠᠷ ᠲᠠᠷᠢᠶᠠᠯᠠᠬᠤ ᠮᠡᠷᠬᠡᠵᠢᠯ ᠢ ᠲᠦᠬᠡᠮᠡᠯᠵᠢᠬᠦᠯᠤᠨ ᠮᠠᠯᠴᠢᠨ ᠲᠠᠷᠢᠶᠠᠴᠢᠨ ᠤ ᠪᠠᠶᠠᠵᠢᠯ ᠤᠨ ᠬᠠᠷᠭᠤᠢ ᠶᠢ ᠬᠡᠷᠡᠯᠳᠦᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2019-05-28
     ᠣᠶᠢᠷ᠎ᠠ ᠶᠢᠨ ᠵᠢᠯ ᠳᠤ ᠮᠠᠨ ᠤ ᠬᠤᠰᠢᠭᠤ ᠰᠢᠨᠵᠢᠯᠡᠬᠦ ᠤᠬᠠᠭᠠᠨᠴᠢ ᠪᠠᠷ ᠲᠠᠷᠢᠶᠠᠯᠠᠬᠤ ᠠᠷᠭ᠎ᠠ ᠮᠡᠷᠬᠡᠵᠢᠯ ᠢ ᠬᠦᠴᠦᠯᠡᠨ ᠲᠦᠬᠡᠮᠡᠯᠵᠢᠬᠦᠯᠵᠦ ᠠᠯᠢ ᠣᠯᠠᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠤᠨ  ᠮᠠᠯᠴᠢᠨ ᠲᠠᠷᠢᠶᠠᠴᠢᠨ ᠤ ᠢᠳᠡᠪᠬᠢᠵᠢᠯ ᠢ ᠲᠠᠶᠢᠴᠢᠯᠠᠵᠦ ᠲᠥᠮᠡᠨ ᠮᠤ᠋ ᠶᠢᠨ ᠰᠢᠨᠵᠢᠯᠡᠬᠦ ᠣᠬᠠᠭᠠᠨᠴᠢ ᠪᠠᠷ ᠲᠠᠷᠢᠬᠤ ᠲᠠᠷᠢᠮᠠᠯ ᠤᠨ ᠰᠠᠭᠤᠷᠢᠨ ᠭᠠᠵᠠᠷ ᠢ ᠠᠮᠵᠢᠯᠳᠠᠳᠠᠢ ᠪᠠᠶᠢᠭᠤᠯᠤᠭᠠᠳ ᠲᠤᠷᠰᠢᠯᠳᠠ ᠶᠢᠨ ᠣᠷᠤᠨ ᠤ ᠮᠤ᠋ ᠪᠦᠷᠢ ᠶᠢᠨ ᠣᠨᠠᠯᠳᠠ ᠶᠢ 20% ᠣᠷᠴᠢᠮ ᠲᠡᠭᠡᠭᠰᠢᠯᠡᠬᠦᠯᠵᠦ ᠮᠠᠯᠴᠢᠨ ᠲᠠᠷᠢᠶᠠᠴᠢᠨ ᠳᠤ ᠦᠨᠡᠨᠬᠦ ᠠᠰᠢᠭ ᠬᠦᠷᠲᠡᠬᠡᠵᠤ ᠪᠠᠶᠢᠨ᠎ᠠ᠃                                      ᠣᠶᠢᠷ᠎ᠠ ᠶᠢᠨ ᠡᠳᠤᠷ᠂ ᠮᠠᠨ ᠤ ᠬᠤᠰᠢᠭᠤᠨ ᠤ ᠰᠢᠨᠵᠢᠯᠡᠭᠡ ᠮᠡᠷᠬᠡᠵᠢᠯ ᠤᠨ ᠨᠡᠶᠢᠬᠡᠮᠯᠢᠭ ᠤᠨ ᠬᠢᠨ ᠣᠯᠠᠭᠠᠠᠳᠤᠯᠤᠭᠠᠢ ᠪᠠᠯᠭᠠᠰᠤᠨ ᠤ ᠪᠠᠶᠠᠠᠰᠢᠯᠢ ᠭᠠᠴᠠᠭᠠᠨ ᠤ ᠮᠠᠯᠴᠢᠳ ᠤᠨ ᠬᠡᠷ ᠢᠶᠠᠷ ᠬᠦᠨᠵᠡᠬᠡᠶᠢᠷᠡᠨ ᠰᠢᠨ᠎ᠡ ᠬᠡᠯᠪᠡᠷᠢ  ᠶᠢᠨ ᠲᠠᠷᠢᠶᠠᠯᠠᠬᠤ ᠠᠷᠭ᠎ᠠ ᠮᠡᠷᠬᠡᠵᠢᠯ ᠢᠶᠠᠷ ᠡᠷᠳᠡᠨᠢ ᠰᠢᠰᠢ ᠲᠠᠷᠢᠬᠤ ᠶᠢ ᠲᠤᠬᠠᠢ ᠶᠢᠨ ᠲᠠᠯᠠᠪᠠᠢ ᠳᠤ  ᠵᠢᠭᠠᠨ ᠵᠢᠯᠤᠭᠤᠳᠤᠯᠭ᠎ᠠ ᠬᠢᠵᠦ ᠪᠠᠶᠢᠯ᠎ᠠ᠃ ᠮᠠᠯᠴᠢᠨ ᠰᠦᠯᠳᠡ ᠶᠢᠨ ᠬᠢᠨ 2000 ᠭᠠᠷᠤᠢ ᠮᠤ᠋ ᠶᠢᠨ ᠪᠡᠯᠴᠢᠬᠡᠷ ᠲᠡᠭᠡᠨ 200 ᠭᠠᠷᠤᠢ ᠮᠠᠯ ᠮᠠᠯᠵᠢᠵᠦ ᠦᠩᠬᠡᠷᠡᠭᠰᠡᠨ ᠳᠤ 50 ᠮᠤ᠋ ᠶᠢᠨ ᠲᠠᠷᠢᠶᠠᠨ ᠭᠠᠵᠠᠷ ᠢᠶᠠᠨ ᠣᠯᠠᠮᠵᠢᠯᠠᠯᠳᠤ ᠲᠠᠷᠢᠶᠠᠯᠠᠭ᠎ᠠ  ᠶᠢᠨ ᠠᠷᠭ᠎ᠠ ᠮᠡᠷᠬᠡᠵᠢᠯ ᠢᠶᠠᠷ ᠲᠠᠷᠢᠭᠠᠳ ᠮᠠᠯ ᠣᠨᠤᠭᠠᠨ ᠤ ᠪᠠᠨ ᠡᠪᠡᠰᠤ ᠪᠤᠷᠳᠤᠭ᠎ᠠ ᠪᠠᠨ ᠬᠦᠷᠦᠯᠴᠡᠬᠦᠰᠢᠳᠠᠢ ᠬᠠᠩᠭᠠᠵᠦ ᠴᠢᠳᠠᠬᠤ ᠦᠭᠡᠢ ᠪᠠᠶᠢᠵᠠᠢ᠃      ᠡᠨᠡᠬᠦ ᠰᠢᠨᠵᠢᠯᠡᠬᠦ ᠣᠬᠠᠭᠠᠨᠴᠢ ᠪᠠᠷ ᠲᠠᠷᠢᠶᠠᠯᠠᠬᠤ ᠠᠷᠭ᠎ᠠ ᠮᠡᠷᠬᠡᠵᠢᠯ ᠢ ᠦᠤᠰᠢᠨ ᠬᠤᠰᠢᠭᠤᠨ ᠤ ᠰᠢᠨᠵᠢᠯᠡᠭᠡ ᠮᠡᠷᠬᠡᠵᠢᠯ ᠤᠨ ᠨᠡᠶᠢᠬᠡᠮᠯᠢᠭ ᠤᠨ ᠬᠢᠨ ᠨᠢᠭᠡᠨᠳᠡ ᠲᠤᠷᠰᠢᠯᠳᠠ ᠪᠠᠷ ᠲᠠᠮᠵᠢᠨ ᠠᠮᠵᠢᠯᠳᠠ ᠣᠯᠵᠦ ᠪᠦᠬᠦ ᠬᠤᠰᠢᠭᠤᠨ ᠤ ᠬᠡᠪᠴᠢᠶᠠᠨ ᠳᠤ ᠰᠤᠷᠳᠠᠯᠴᠢᠯᠠᠨ ᠲᠡᠯᠭᠡᠷᠡᠬᠦᠯᠤᠬᠡᠳ ᠭᠤᠷᠪᠠᠳᠠᠬᠢ ᠵᠢᠯ ᠪᠤᠯᠵᠦ ᠪᠠᠶᠢᠭ᠎ᠠ ᠪᠦᠭᠡᠳ ᠡᠬᠦᠨ ᠤ ᠲᠠᠷᠢᠶᠠᠯᠠᠬᠤ ᠵᠠᠢ᠂ ᠴᠢᠭᠯᠡᠯ᠂ ᠦᠷ᠎ᠡ ᠬᠦᠷᠦᠩᠬᠡ ᠶᠢᠨ ᠰᠤᠩᠭᠤᠯᠳᠠ᠂ ᠠᠷᠠᠴᠢᠯᠠᠭ᠎ᠠ ᠲᠤᠳᠤᠮᠳᠤᠯᠭ᠎ᠠ ᠵᠡᠷᠭᠡ ᠪᠦᠬᠦ ᠶᠠᠪᠤᠴᠠ ᠶᠢ ᠲᠤᠭᠳᠠᠭᠰᠠᠨ ᠱᠠᠭᠠᠷᠳᠠᠯᠭ᠎ᠠ ᠶᠤᠰᠤᠭᠠᠷ ᠬᠦᠢᠴᠡᠳᠬᠡᠪᠡᠯ ᠡᠷᠳᠡᠨᠢ ᠰᠢᠰᠢ ᠶᠢᠨ ᠬᠤᠷᠢᠶᠠᠯᠳᠠ ᠨᠢ ᠦᠩᠬᠡᠷᠡᠭᠰᠡᠨ ᠤ ᠬᠢ ᠠᠴᠠ ᠮᠤ᠋ ᠪᠦᠷᠢ ᠳᠡᠭᠡᠨ 300 — 400 ᠵᠢᠩ ᠤᠨ ᠣᠷᠴᠢᠮ ᠨᠡᠮᠡᠭᠳᠡᠬᠦ ᠪᠤᠯᠤᠨ᠎ᠠ᠃      ᠦᠤᠰᠢᠨ ᠬᠤᠰᠢᠭᠤᠨ ᠤ ᠰᠢᠨᠵᠢᠯᠡᠭᠡ ᠮᠡᠷᠬᠡᠵᠢᠯ ᠢ ᠲᠦᠬᠡᠮᠡᠯᠵᠢᠬᠦᠯᠬᠦ ᠨᠡᠶᠢᠬᠡᠮᠯᠢᠭ ᠤᠨ ᠠᠵᠢᠯᠳᠠᠨ ᠨᠠᠰᠤᠨᠮᠥ᠋ᠩᠬᠡ᠄ ︽ᠪᠢᠳᠠᠨ ᠤ ᠴᠢᠬᠤᠯᠠᠴᠢᠯᠠᠵᠦ ᠪᠠᠶᠢᠬᠤ ᠨᠢ ᠬᠢᠮᠢ ᠶᠢᠨ ᠪᠤᠷᠳᠤᠭᠤᠷ ᠣᠷᠤᠭᠤᠯᠬᠤ ᠦᠭᠡᠢ ᠣᠷᠭᠠᠨᠢᠭ ᠪᠤᠷᠳᠤᠭᠤᠷ ᠢ ᠬᠡᠷᠡᠭᠯᠡᠬᠦ᠂ ᠰᠦᠷᠴᠢᠨ ᠣᠰᠤᠯᠠᠬᠤ ᠮᠠᠰᠢᠨ ᠢ ᠬᠡᠷᠡᠭᠯᠡᠬᠦ ᠦᠭᠡᠢ ᠲᠤᠰᠤᠯᠭᠠᠨ ᠣᠰᠤᠯᠠᠬᠤ ᠠᠷᠭ᠎ᠠ ᠶᠢ ᠬᠡᠷᠡᠭᠯᠡᠬᠦ᠂ ᠪᠠᠰᠠ ᠰᠢᠨ᠎ᠡ ᠲᠠᠷᠢᠶᠠᠯᠠᠭ᠎ᠠ ᠶᠢᠨ ᠠᠷᠭ᠎ᠠ ᠪᠠᠷ ᠲᠠᠷᠢᠬᠤ ᠵᠡᠷᠭᠡ ᠶᠢ ᠣᠶᠠᠯᠳᠤᠭᠤᠯᠤᠭᠠᠳ ᠲᠤᠭᠳᠠᠭᠰᠠᠨ ᠭᠠᠵᠠᠷ ᠤᠨ ᠣᠨᠠᠯᠳᠠ ᠶᠢ ᠨᠡᠮᠡᠭᠳᠡᠬᠦᠯᠵᠦ ᠡᠬᠦᠪᠡᠷ ᠲᠠᠮᠵᠢᠨ ᠮᠠᠯᠴᠢᠨ ᠲᠠᠷᠢᠶᠠᠴᠢᠳ ᠤᠨ ᠣᠷᠤᠯᠭ᠎ᠠ ᠶᠢ ᠨᠡᠮᠡᠭᠳᠡᠬᠦᠯᠬᠦ ᠡᠬᠦᠳᠡᠨ ᠠᠴᠠ ᠬᠢᠭᠰᠡᠨ᠂ ᠭᠤᠷᠪᠠᠨ ᠵᠢᠯ ᠤᠨ ᠬᠤᠭᠤᠴᠠᠭᠠᠨ ᠳᠤ ᠣᠷᠭᠠᠨᠢᠭ ᠪᠤᠷᠳᠤᠭᠤᠷ ᠪᠠ ᠡᠷᠳᠡᠨᠢ ᠰᠢᠰᠢ ᠶᠢᠨ ᠬᠦᠷᠦᠩᠬᠡ ᠶᠢ ᠬᠡᠷᠡᠭᠯᠡᠭᠰᠡᠨ ᠠᠶᠢᠯ ᠤᠳ ᠤᠨ ᠪᠦᠬᠦ ᠵᠠᠷᠤᠳᠠᠯ ᠤᠨ ᠬᠠᠭᠠᠰ ᠢ ᠨᠢ ᠮᠠᠨᠤᠰ ᠭᠠᠷᠭᠠᠭᠰᠠᠨ᠂ ᠦᠷᠡᠵᠦ ᠲᠠᠷᠢᠬᠤ ᠮᠠᠰᠢᠨ ᠲᠠᠩᠴᠡᠬᠦᠨ ᠪᠤᠰᠤ ᠪᠠᠶᠢᠳᠠᠯ ᠳᠤ ᠴᠢᠭᠯᠡᠬᠦᠯᠤᠨ ᠡᠨᠡ ᠵᠢᠯ ᠪᠠᠰᠠ 2 ᠰᠠᠭᠤᠷᠢ ᠮᠠᠰᠢᠨ ᠬᠠᠩᠭᠠᠭᠰᠠᠨ᠂ ᠡᠬᠦᠨ ᠤ ᠶᠠᠪᠤᠴᠠ ᠳᠤ ᠶᠠᠳᠠᠭᠤ ᠬᠦᠴᠢᠷᠳᠡᠯᠳᠡᠢ ᠡᠷᠤᠬᠡᠳ ᠲᠤ ᠪᠤᠷᠳᠤᠭᠤᠷ ᠪᠠ ᠦᠷ᠎ᠡ ᠬᠦᠷᠦᠩᠬᠡ ᠶᠢ ᠦᠨ᠎ᠡ ᠲᠥᠯᠦᠪᠦᠷᠢ ᠦᠭᠡᠢ ᠬᠠᠩᠭᠠᠵᠦ᠂ ᠮᠡᠷᠬᠡᠵᠢᠯ ᠤᠨ ᠵᠢᠭᠠᠨ ᠵᠢᠯᠤᠭᠤᠳᠤᠯᠭ᠎ᠠ ᠶᠢ ᠨᠠᠮᠤᠷ ᠤᠨ ᠬᠤᠷᠢᠶᠠᠯᠳᠠ ᠪᠤᠯᠳᠠᠯ᠎ᠠ ᠦᠢᠯᠡᠴᠢᠯᠡᠵᠦ ᠪᠠᠶᠢᠨ᠎ᠠ︾ ᠭᠡᠵᠤ ᠶᠠᠷᠢᠵᠤ ᠪᠠᠶᠢᠪᠠ᠃      ᠡᠨᠡ ᠵᠢᠯ ᠮᠠᠨ ᠤ ᠬᠤᠰᠢᠭᠤᠨ ᠤ ᠬᠢᠨ ᠭᠤᠤᠯᠳᠠᠭᠤ ᠣᠯᠠᠭᠠᠨᠳᠤᠯᠤᠭᠠᠢ ᠪᠠᠯᠭᠠᠰᠤ᠂ ᠭᠠᠯᠠᠭᠤᠳᠤ ᠪᠠᠯᠭᠠᠰᠤᠨ  ᠳᠤ ᠨᠡᠶᠢᠳᠡ 1800 ᠭᠠᠷᠤᠢ ᠮᠤ᠋ ᠶᠢᠨ ᠲᠠᠷᠢᠶᠠᠨ ᠳᠤ 4 ᠰᠢᠨ᠎ᠡ ᠲᠦᠷᠦᠯ᠂ 5 ᠵᠦᠢᠯ ᠤᠨ ᠰᠢᠨ᠎ᠡ ᠮᠡᠷᠬᠡᠵᠢᠯ ᠢ ᠲᠦᠬᠡᠮᠡᠯᠵᠢᠬᠦᠯᠬᠦ ᠪᠠᠷ ᠪᠠᠶᠢᠵᠦ᠂ 2016 ᠣᠨ ᠠᠴᠠ ᠣᠳᠤ ᠪᠤᠯᠳᠠᠯ᠎ᠠ ᠨᠡᠶᠢᠳᠡ 10300 ᠮᠤ᠋ ᠶᠢᠨ ᠲᠠᠷᠢᠶᠠᠨ ᠭᠠᠵᠠᠷ ᠲᠤ 8 ᠰᠢᠨ᠎ᠡ ᠲᠦᠷᠦᠯ ᠪᠠ 23 ᠵᠦᠢᠯ ᠤᠨ ᠰᠢᠨ᠎ᠡ ᠮᠡᠷᠬᠡᠵᠢᠯ ᠢ ᠲᠦᠬᠡᠮᠡᠯᠵᠢᠬᠦᠯᠵᠦ ᠠᠬᠤᠢ ᠲᠠᠯᠠᠪᠠᠢ ᠶᠢᠨ ᠵᠢᠭᠠᠨ ᠵᠢᠯᠤᠭᠤᠳᠤᠯᠭ᠎ᠠ᠂ ᠰᠢᠨᠵᠢᠯᠡᠭᠡ ᠮᠡᠷᠬᠡᠵᠢᠯ ᠤᠨ ᠪᠤᠯᠪᠠᠰᠤᠷᠠᠯ ᠤᠨ ᠠᠩᠬᠢ ᠡᠷᠬᠢᠯᠡᠬᠦ ᠵᠡᠷᠭᠡ ᠣᠯᠠᠨ ᠵᠦᠢᠯ ᠤᠨ ᠪᠦᠲᠦᠮᠵᠢᠳᠠᠢ ᠠᠷᠭ᠎ᠠ ᠢᠶᠠᠷ ᠪᠦᠬᠦ ᠬᠤᠰᠢᠭᠤᠨ ᠤ 4.5 ᠭᠠᠷᠤᠢ ᠲᠥᠮᠡᠨ ᠮᠠᠯᠴᠢᠨ ᠲᠠᠷᠢᠶᠠᠴᠢᠳ ᠲᠤ ᠰᠢᠨᠵᠢᠯᠡᠬᠦ ᠣᠬᠠᠭᠠᠨᠴᠢ ᠪᠠᠷ ᠲᠠᠷᠢᠶᠠᠯᠠᠬᠤ ᠠᠷᠭ᠎ᠠ ᠮᠡᠷᠬᠡᠵᠢᠯ ᠢ ᠲᠦᠬᠡᠮᠡᠯᠵᠢᠬᠦᠯᠦᠭᠡᠳ ᠨᠢᠭᠡ ᠪᠦᠯᠦᠭ ᠮᠡᠷᠭᠡᠵᠢᠯ ᠳᠤ ᠴᠠᠭᠠᠷᠠᠵᠦ ᠦᠢᠯᠡᠳᠪᠦᠷᠢᠯᠡᠯ ᠳᠤ ᠭᠠᠷᠮᠠᠭᠠᠶᠢᠰᠢᠭᠰᠠᠨ ᠮᠠᠯᠴᠢᠨ ᠲᠠᠷᠢᠶᠠᠴᠢᠳ ᠢ ᠬᠦᠮᠤᠵᠢᠬᠦᠯᠵᠦ ᠡᠨᠡᠬᠦ ᠲᠦᠷᠦᠯ ᠵᠦᠢᠯ ᠨᠢ ᠰᠢᠨ᠎ᠡ ᠮᠡᠷᠬᠡᠵᠢᠯ᠂ ᠦᠨᠳᠤᠷ ᠣᠨᠠᠯᠳᠠ᠂ ᠰᠠᠶᠢᠨ ᠦᠷ᠎ᠡ ᠠᠰᠢᠭ ᠢᠶᠠᠷ ᠪᠠᠨ ᠣᠳᠤᠬᠢᠴᠢᠯᠠᠭᠰᠠᠨ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠠ ᠶᠢᠨ ᠰᠢᠨ᠎ᠡ ᠬᠡᠪ ᠵᠠᠭᠪᠦᠷ ᠪᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号