ᠮᠠᠨ ᠤ ᠬᠤᠰᠢᠭᠤ 2013 ᠣᠨ ᠠᠴᠠ ᠡᠬᠢᠯᠡᠨ ᠰᠦᠢᠳᠬᠡᠯ ᠦᠭᠡᠢ ᠰᠤᠶᠤᠯ ᠣᠷᠠᠯᠢᠭ ᠤᠨ | ᠪᠤᠯᠪᠠᠰᠤᠷᠠᠯ ᠤᠨ ᠠᠩᠬᠢ ᠶᠢ ᠵᠢᠯ ᠲᠠᠷᠠᠭᠠᠯᠠᠨ ᠦᠷᠨᠢᠬᠦᠯᠵᠦ ᠠᠷᠠᠳ ᠣᠯᠠᠨ ᠤ ᠡᠳᠤᠷ ᠢᠷᠡᠬᠦᠶ᠎ᠡ ᠨᠡᠮᠡᠭᠳᠡᠵᠦ ᠪᠠᠶᠢᠭ᠎ᠠ | ᠰᠤᠶᠤᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠰᠠᠶᠢᠳᠤᠷ ᠬᠠᠩᠭᠠᠨ ᠲᠡᠳᠡᠨ ᠤ ᠰᠤᠶᠤᠯ ᠣᠷᠠᠯᠢᠭ ᠤᠨ | ᠠᠵᠢᠯᠯᠠᠭ᠎ᠠ ᠳᠤ ᠣᠷᠤᠯᠴᠠᠵᠦ ᠠᠪᠢᠶᠠᠰ ᠪᠢᠯᠢᠭ ᠢᠶᠠᠨ ᠪᠠᠳᠠᠷᠠᠭᠤᠯᠬᠤ ᠶᠢ ᠣᠷᠮᠠᠰᠢᠭᠤᠯᠤᠨ ᠲᠠᠶᠢᠴᠢᠯᠠᠵᠦ ᠦᠨᠳᠤᠰᠤᠨ | ᠱᠠᠲᠤᠨ ᠤ ᠰᠤᠶᠤᠯ ᠤᠨ ᠠᠭᠤᠷ ᠠᠮᠢᠰᠬᠤᠯ ᠢ ᠬᠦᠭᠵᠢᠬᠡᠵᠦ ᠪᠠᠶᠢᠨ᠎ᠠ᠃ | ᠣᠶᠢᠷ᠎ᠠ ᠶᠢᠨ ᠡᠳᠤᠷ᠂ ᠮᠠᠨ ᠤ ᠬᠤᠰᠢᠭᠤᠨ ᠤ ᠰᠤᠶᠤᠯ ᠤᠨ ᠣᠷᠳᠤᠨ ᠠᠴᠠ ᠡᠷᠬᠢᠯᠡᠨ ᠶᠠᠪᠤᠭᠳᠠᠭᠤᠯᠵᠦ | ᠪᠠᠶᠢᠭ᠎ᠠ 2019 ᠣᠨ ᠤ ᠰᠦᠢᠳᠬᠡᠯ ᠦᠭᠡᠢ ᠰᠤᠶᠤᠯ ᠣᠷᠠᠯᠢᠭ ᠤᠨ ᠪᠤᠯᠪᠠᠰᠤᠷᠠᠯ ᠤᠨ ᠠᠩᠬᠢ ᠬᠢᠴᠢᠶᠡᠯ ᠡᠬᠢᠯᠡᠵᠦ | ᠰᠢᠨ᠎ᠡ ᠨᠢᠭᠡ ᠡᠬᠡᠯᠵᠢ ᠶᠢᠨ ︽ᠰᠤᠷᠤᠭᠴᠢᠳ︾ ᠢᠶᠠᠨ ᠣᠭᠳᠤᠵᠦ ᠠᠪᠤᠯ᠎ᠠ᠃ ᠡᠨᠡ ᠵᠢᠯ ᠲᠠᠯ᠎ᠠ ᠶᠢᠨ ᠲᠠᠪᠠᠭ᠎ᠠ ᠶᠢ | ᠲᠥᠬᠦᠭᠰᠡᠨ ᠢᠳᠡᠮᠠ ᠨᠠᠰᠤᠳᠠᠨ ᠬᠤᠰᠢᠭᠤᠨ ᠲᠡᠭᠡᠷ᠎ᠡ ᠣᠮᠪᠤᠯᠤ ᠪᠠᠨ ᠬᠠᠷᠠᠵᠦ ᠰᠠᠭᠤᠵᠦ ᠪᠠᠶᠢᠭ᠎ᠠ ᠪᠤᠯᠬᠤᠷ ᠶᠠᠩᠴᠢᠨ | ᠬᠦᠭᠵᠢᠮ ᠤᠨ ᠪᠤᠯᠪᠠᠰᠤᠷᠠᠯ ᠤᠨ ᠠᠩᠬᠢ ᠳᠤ ᠨᠡᠷ᠎ᠡ ᠮᠡᠳᠡᠬᠦᠯᠵᠦ ᠰᠤᠯᠠ ᠰᠡᠯᠡᠬᠦᠤ ᠴᠠᠭ ᠢᠶᠠᠨ ᠣᠳᠬ᠎ᠠ ᠠᠭᠤᠯᠭ᠎ᠠ | ᠲᠠᠢ ᠦᠩᠬᠡᠷᠡᠬᠦᠯᠬᠦ ᠪᠤᠯᠤᠭᠰᠠᠨ ᠳᠠᠭᠠᠨ ᠲᠤᠩ ᠪᠠᠶᠠᠷᠳᠠᠢ ᠪᠠᠶᠢᠯ᠎ᠠ᠃ ᠲᠡᠷᠡ᠄ ︽ᠪᠠᠭ᠎ᠠ ᠳᠠᠭᠠᠨ ᠡᠨᠡ ᠬᠦᠭᠵᠢᠮ ᠶᠢ | ᠰᠤᠷᠴᠤ ᠴᠢᠳᠠᠭᠰᠠᠨ ᠦᠭᠡᠢ᠂ ᠣᠳᠤ ᠬᠦᠭᠰᠢᠷᠡᠬᠡᠳ ᠬᠠᠷᠢᠨ ᠨᠠᠮ ᠵᠠᠰᠠᠭ ᠠᠴᠠ ᠡᠶᠢᠮᠤ ᠰᠠᠶᠢᠬᠠᠨ ᠲᠦᠷᠦ ᠶᠢᠨ | ᠪᠤᠳᠤᠯᠭ᠎ᠠ ᠲᠠᠢ᠂ ᠮᠠᠨᠤᠰ ᠲᠤ ᠢᠩᠬᠢᠵᠦ ᠰᠠᠶᠢᠬᠠᠨ ᠵᠢᠭᠠᠨ ᠵᠢᠯᠤᠭᠤᠳᠴᠤ ᠦᠭᠬᠦᠭᠰᠡᠨ ᠳᠤ ᠪᠢ ᠲᠦᠢᠯ ᠤᠨ ᠶᠡᠭᠡ | ᠪᠠᠷ ᠪᠠᠶᠠᠷᠯᠠᠵᠦ ᠪᠠᠶᠢᠨ᠎ᠠ︾ ᠭᠡᠵᠤ ᠰᠡᠳᠬᠢᠯ ᠬᠠᠨᠤᠮᠵᠢᠲᠠᠢ ᠶᠠᠷᠢᠵᠤ ᠪᠠᠶᠢᠯ᠎ᠠ᠃ | ᠰᠦᠢᠳᠬᠡᠯ ᠦᠭᠡᠢ ᠰᠤᠶᠤᠯ ᠣᠷᠠᠯᠢᠭ ᠤᠨ ᠪᠤᠯᠪᠠᠰᠤᠷᠠᠯ ᠤᠨ ᠠᠩᠬᠢ ᠶᠢ ᠮᠠᠨ ᠤ ᠬᠤᠰᠢᠭᠤ ᠨᠢᠭᠡᠨᠳᠡ | ᠲᠤᠯᠤᠭᠠᠳᠠᠬᠢ ᠵᠢᠯ ᠢᠶᠠᠨ ᠡᠷᠬᠢᠯᠡᠵᠦ ᠲᠦᠷᠦᠯ ᠵᠦᠢᠯ ᠤᠨ ᠲᠠᠯ᠎ᠠ ᠪᠠᠷ ᠠᠷᠠᠳ ᠣᠯᠠᠨ ᠬᠦᠰᠡᠯ ᠱᠠᠭᠠᠷᠳᠠᠯᠭ᠎ᠠ ᠳᠤ | ᠵᠤᠬᠢᠴᠠᠭᠤᠯᠤᠨ ᠭᠤᠷᠪᠠᠨ ᠤᠳᠠᠰᠤᠲᠤ ᠬᠤᠭᠤᠷ᠂ ᠶᠠᠩᠴᠢᠨ᠂ ᠱᠠᠨᠵᠠ᠂ ᠯᠢᠩᠪᠦ ᠵᠡᠷᠭᠡ ᠠᠷᠠᠳ ᠤᠨ ᠬᠦᠭᠵᠢᠮ | ᠠᠴᠠ ᠭᠠᠳᠠᠨ᠎ᠠ ᠨᠠᠶᠢᠷᠠᠯ ᠲᠠᠭᠤᠤ᠂ ᠪᠦᠵᠢᠭ᠂ ᠣᠷᠠᠨ ᠵᠢᠷᠤᠭ᠂ ᠣᠷᠠᠨ ᠪᠢᠴᠢᠯᠭᠡ ᠵᠡᠷᠭᠡ ᠰᠤᠶᠤᠯ ᠣᠷᠠᠯᠢᠭ ᠤᠨ | ᠦᠷᠬᠡᠨ ᠬᠡᠪᠴᠢᠶ᠎ᠡ ᠶᠢ ᠬᠠᠮᠤᠷᠴᠤ ᠣᠳᠤᠬᠠᠨ ᠳᠤ ᠨᠢᠭᠡᠨᠲᠡ ᠭᠤᠷᠪᠠᠨ ᠵᠠᠭᠤ ᠭᠠᠷᠤᠢ ᠬᠦᠮᠤᠨ ᠨᠡᠷ᠎ᠡ ᠮᠡᠳᠡᠬᠦᠯᠤᠨ | ᠭᠤᠤᠯᠳᠠᠭᠤ ᠠᠵᠢᠯ ᠠᠴᠠ ᠪᠠᠨ ᠠᠮᠠᠷᠠᠭᠰᠠᠨ ᠺᠠᠳ᠋ᠷ ᠠᠵᠢᠯᠲᠠᠨ᠂ ᠨᠡᠬᠦᠨ ᠰᠢᠯᠵᠢᠭᠰᠡᠨ ᠮᠠᠯᠴᠢᠨ ᠲᠠᠷᠢᠶᠠᠴᠢᠨ ᠵᠡᠷᠭᠡ | ᠨᠡᠶᠢᠬᠡᠮ ᠤᠨ ᠡᠯ᠎ᠡ ᠡᠲᠡᠭᠡᠳ ᠤᠨ ᠬᠦᠮᠤᠰ ᠪᠠᠶᠢᠵᠦ ᠡᠨᠡ ᠨᠢ ᠦᠷᠭᠡᠨ ᠣᠯᠠᠨ ᠰᠤᠶᠤᠯ ᠣᠷᠠᠯᠢᠭ ᠤᠨ ᠲᠤᠷ᠎ᠠ | ᠪᠠᠭ᠋ᠠᠳᠠᠳ ᠤᠨ ᠦᠵᠡᠯ ᠪᠤᠳᠤᠯ ᠢᠶᠠᠨ ᠰᠤᠯᠢᠯᠴᠠᠬᠤ ᠴᠢᠯᠤᠭᠡᠲᠠᠢ ᠲᠠᠪᠴᠠᠩ ᠪᠤᠯᠤᠭᠰᠠᠨ ᠪᠠᠶᠢᠨ᠎ᠠ᠃ | 2013 ᠣᠨ ᠠᠴᠠ ᠨᠠᠰᠢ ᠬᠤᠰᠢᠭᠤ ᠣᠯᠠᠭᠠᠠᠮᠥ᠋ᠴᠢᠷ᠂ ᠰᠤᠶᠤᠯ ᠤᠨ ᠬᠡᠷ ᠵᠡᠷᠭᠡ ᠰᠤᠶᠤᠯ ᠤᠨ ᠪᠠᠶᠢᠭᠤᠯᠭ᠎ᠠ | ᠠᠴᠠ ᠲᠠᠭᠤᠤ᠂ ᠬᠦᠭᠵᠢᠮ᠂ ᠪᠦᠵᠢᠭ ᠵᠡᠷᠭᠡ ᠰᠤᠶᠤᠯ ᠣᠷᠠᠯᠢᠭ ᠤᠨ ᠠᠵᠢᠯ ᠲᠦᠷᠦᠯ ᠠᠴᠠ ᠨᠡᠶᠢᠳᠡ40 ᠭᠠᠷᠤᠢ | ᠰᠤᠶᠤᠯ ᠣᠷᠠᠯᠢᠭ ᠤᠨ ᠭᠠᠷᠮᠠᠭᠠᠶᠢᠯᠠᠭᠴᠢ ᠶᠢ ᠰᠤᠩᠭᠤᠨ ᠪᠤᠯᠪᠠᠰᠤᠷᠠᠯ ᠤᠨ ᠠᠩᠬᠢ ᠶᠢᠨ ᠵᠢᠭᠠᠨ ᠰᠤᠷᠭᠠᠯᠳᠠ ᠶᠢᠨ | ᠠᠵᠢᠯ ᠢ ᠡᠬᠦᠷᠬᠡᠯᠡᠬᠦᠯᠵᠦ ᠣᠷᠢᠳ ᠬᠤᠵᠢᠳ ᠨᠡᠶᠢᠳᠡ ᠲᠦᠮᠡ ᠢᠯᠡᠬᠦᠤ ᠬᠦᠮᠤᠨ ᠣᠳᠠᠭ᠎ᠠ ᠳᠤ ᠰᠦᠢᠳᠬᠡᠯ ᠦᠭᠡᠢ | ᠪᠤᠯᠪᠠᠰᠤᠷᠠᠯ ᠬᠦᠷᠳᠡᠬᠡᠵᠡᠢ᠃ ᠣᠳᠤᠬᠠᠨ ᠳᠤ ᠪᠦᠬᠦ ᠬᠤᠰᠢᠭᠤᠨ ᠤ ᠠᠵᠢᠯ ᠤᠨ ᠴᠢᠯᠦᠬᠡᠨ ᠤ ᠰᠤᠶᠤᠯ ᠤᠨ | ᠲᠤᠭᠤᠶᠢᠯᠠᠩ ᠨᠡᠶᠢᠳᠡ 140 ᠭᠠᠷᠤᠢ ᠪᠤᠯᠵᠦ ᠪᠤᠵᠠᠭᠠᠶᠢᠷᠠᠨ ᠡᠨᠡ ᠨᠢ ᠡᠶ᠎ᠡ ᠵᠤᠬᠢᠴᠠᠩᠭᠤᠢ᠂ ᠬᠦᠷ ᠬᠦᠭᠵᠢᠶᠡᠨᠳᠡᠢ | ᠦᠨᠳᠤᠰᠤᠨ ᠱᠠᠲᠤᠨ ᠤ ᠰᠤᠶᠤᠯ ᠤᠨ ᠠᠭᠤᠷ ᠠᠮᠢᠰᠬᠤᠯ ᠢ ᠪᠦᠷᠢᠯᠳᠦᠬᠦᠯᠵᠦ ᠪᠠᠶᠢᠭ᠎ᠠ ᠭᠤᠤᠯᠯᠠᠭᠴᠢ ᠬᠦᠴᠦᠨ | ᠪᠤᠯᠤᠭᠰᠠᠨ ᠪᠠᠶᠢᠨ᠎ᠠ᠃ |