2019 ᠣᠨ ᠤ ᠦᠦᠰᠢᠨ ᠬᠤᠰᠢᠭᠤᠨ ᠤ ᠰᠣᠷᠣᠭᠴᠢ ᠡᠯᠰᠡᠬᠦ ᠰᠢᠯᠭᠠᠯᠳᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-05-28
     5 ᠰᠠᠷ᠎ᠠ ᠶᠢᠨ 23 ᠤ ᠡᠳᠦᠷ 2019 ᠣᠨ ᠤ  ᠮᠠᠨ ᠤ ᠬᠤᠰᠢᠭᠤᠨ ᠤ ᠰᠣᠷᠣᠭᠴᠢ ᠡᠯᠰᠡᠬᠦ ᠰᠢᠯᠭᠠᠯᠳᠠ  ᠶᠢᠨ ᠠᠵᠢᠯ ᠤᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠳᠡᠳ᠋ ᠳᠠᠷᠤᠭ᠎ᠠ᠂ ᠰᠣᠷᠣᠭᠴᠢ ᠡᠯᠰᠡᠬᠦ ᠰᠢᠯᠭᠠᠯᠳᠠ ᠶᠢᠨ ᠵᠦᠪᠯᠡᠯ ᠤᠨ ᠳᠡᠳ᠋ ᠡᠷᠬᠢᠯᠡᠭᠴᠢ ᠪᠠᠶᠠᠨᠴᠢᠮᠡᠭ᠂ ᠰᠣᠷᠣᠭᠴᠢ ᠡᠯᠰᠡᠬᠦ ᠰᠢᠯᠭᠠᠯᠳᠠ ᠶᠢᠨ ᠵᠦᠪᠯᠡᠯ ᠤᠨ ᠪᠦᠷᠢᠯᠳᠦᠬᠦᠨ ᠨᠢᠭᠡᠴᠢ ᠪᠠ ᠬᠠᠮᠢᠶ᠎ᠠ ᠪᠦᠬᠦᠢ ᠰᠣᠷᠭᠠᠭᠤᠯᠢ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠶᠠᠨᠴᠢᠮᠡᠭ ᠵᠢᠭᠠᠬᠤ ᠳᠠᠭᠠᠨ᠂ ᠰᠣᠷᠣᠭᠴᠢ ᠡᠯᠰᠡᠬᠦ ᠰᠢᠯᠭᠠᠯᠲᠠ ᠶᠢᠨ ᠠᠮᠣᠷ ᠲᠦᠪᠰᠢᠨ ᠢ ᠪᠠᠳᠣᠯᠠᠬᠤ ᠨᠢ ︽ᠠᠮᠤᠭᠤᠯᠠᠩ ᠦᠦᠰᠢᠨ︾ ᠢ ᠪᠦᠲᠦᠭᠡᠨ ᠪᠠᠶᠢᠭᠤᠯᠬᠤ ᠴᠢᠬᠤᠯᠠ ᠠᠭᠤᠯᠭ᠎ᠠ ᠪᠦᠬᠡᠳ ᠰᠢᠨᠵᠢᠯᠡᠬᠦ ᠣᠬᠠᠭᠠᠨ ᠰᠣᠷᠭᠠᠨ ᠬᠦᠮᠦᠵᠢᠯ ᠢᠶᠠᠷ ᠣᠯᠣᠰ ᠢᠶᠠᠨ ᠮᠠᠨᠳᠣᠭᠤᠯᠬᠤ ᠳᠤ ᠦᠢᠯᠡᠴᠢᠯᠡᠬᠦ ᠴᠢᠬᠤᠯᠠ ᠡᠬᠦᠷᠭᠡ ᠪᠣᠯᠣᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠳᠡᠭᠡᠲᠦ ᠬᠡᠮᠵᠢᠶᠡᠨ ᠤ ᠬᠠᠷᠢᠭᠤᠴᠠᠯᠭᠠᠳᠣ ᠣᠪᠣᠷ ᠢᠶᠠᠷ ᠪᠦᠬᠦ ᠬᠤᠰᠢᠭᠤᠨ ᠤ ᠰᠣᠷᠣᠭᠴᠢ ᠡᠯᠰᠡᠬᠦ ᠰᠢᠯᠭᠠᠯᠳᠠ ᠶᠢᠨ ᠠᠵᠢᠯ ᠢ ᠦᠨᠡᠨᠬᠦ ᠰᠠᠶᠢᠳᠣᠷ ᠬᠢᠬᠦ ᠬᠡᠷᠡᠭᠲᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠰᠡᠷᠡᠮᠵᠢ ᠪᠠᠨ ᠳᠡᠭᠡᠭᠰᠢᠯᠡᠬᠦᠯᠵᠦ ᠡᠬᠦᠰᠴᠦ ᠮᠡᠳᠡᠬᠦ ᠡᠯ᠎ᠡ ᠵᠦᠢᠯ ᠤᠨ ᠭᠡᠨᠡᠳᠳᠡ ᠶᠢᠨ ᠬᠡᠷᠡᠭ᠂ ᠳᠡᠷᠡᠴᠢᠯᠡᠨ ᠵᠣᠷᠢᠭᠤᠳᠠ ᠡᠪᠳᠡᠯᠭᠡ ᠬᠢᠭᠰᠡᠨ ᠣᠴᠢᠷ ᠲᠤ ᠬᠦᠢᠴᠡᠳ ᠪᠡᠯᠡᠳᠭᠡᠯ ᠲᠠᠢ ᠪᠠᠶᠢᠬᠤ ᠬᠡᠷᠡᠭᠲᠡᠢ᠃ ᠰᠢᠯᠭᠠᠭᠤᠯᠤᠭᠰᠠᠳ ᠢᠶᠠᠷ ᠭᠤᠣᠯ ᠪᠣᠯᠭᠠᠵᠣ ᠡᠯ᠎ᠡ ᠵᠦᠢᠯ ᠤᠨ ᠦᠢᠯᠡᠴᠢᠯᠡᠭᠡ ᠪᠠᠨ ᠳᠡᠭᠡᠭᠰᠢᠯᠡᠬᠦᠯᠵᠦ ᠰᠢᠯᠭᠠᠭᠤᠯᠤᠭᠰᠠᠳ ᠤᠨ ᠬᠠᠯᠠᠮᠵᠢᠯᠠᠵᠣ ᠪᠠᠶᠢᠭ᠎ᠠ ᠠᠰᠠᠭᠤᠳᠠᠯ  ᠢ ᠰᠢᠢᠳᠪᠦᠷᠢᠯᠡᠬᠦ ᠬᠡᠷᠡᠭᠲᠡᠢ᠃ ᠵᠠᠮ ᠬᠠᠷᠢᠯᠴᠠᠭ᠎ᠠ ᠳᠡᠭᠡᠭᠡᠪᠦᠷᠢ ᠶᠢᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠠᠴᠠ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠨᠢᠬᠦᠯᠵᠦ ᠰᠢᠯᠭᠠᠭᠤᠯᠤᠭᠰᠠᠳ ᠲᠤ ᠲᠦᠬᠦᠮ ᠦᠵᠡᠬᠦᠯᠵᠦ ᠴᠠᠭ ᠳᠣᠬᠠᠢ ᠳᠤᠨᠢ ᠰᠢᠯᠭᠠᠯᠲᠠ ᠶᠢᠨ ᠳᠠᠯᠠᠪᠠᠢ ᠳᠤ ᠬᠦᠷᠬᠡᠬᠦ ᠬᠡᠷᠡᠭᠲᠡᠢ᠃ ᠰᠣᠷᠣᠭᠴᠢ ᠡᠯᠰᠡᠬᠦ ᠰᠢᠯᠭᠠᠯᠲᠠ ᠶᠢᠨ ᠳᠣᠬᠠᠢ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠠᠵᠢᠯ ᠢ ᠰᠠᠶᠢᠳᠣᠷ ᠬᠢᠵᠦ ᠴᠠᠭ ᠳᠣᠬᠠᠢ ᠳᠤᠨᠢ ᠰᠢᠯᠭᠠᠭᠤᠯᠤᠭᠰᠠᠳ  ᠲᠤ ᠮᠠᠳᠠᠭ ᠢ ᠨᠢ ᠰᠢᠢᠳᠪᠦᠷᠢᠯᠡᠵᠤ 2019 ᠣᠨ ᠤ ᠪᠦᠬᠦ ᠬᠤᠰᠢᠭᠤᠨ ᠤ ᠰᠣᠷᠣᠭᠴᠢ ᠡᠯᠰᠡᠬᠦ ᠰᠢᠯᠭᠠᠯᠳᠠ ᠶᠢᠨ ᠠᠵᠢᠯ ᠤᠨ ᠣᠷᠣᠭᠰᠢᠳᠠᠢ ᠶᠠᠪᠣᠭᠳᠠᠬᠤ ᠶᠢ ᠪᠠᠳᠣᠯᠠᠬᠤ ᠬᠡᠷᠡᠭᠲᠡᠢ ᠬᠡᠪᠡ᠃      ᠬᠤᠷᠠᠯ ᠳᠡᠭᠡᠷ᠎ᠡ᠂ ᠬᠤᠰᠢᠭᠤ ᠰᠣᠷᠭᠠᠨ ᠬᠦᠮᠦᠵᠢᠯ ᠪᠡᠶ᠎ᠡ ᠳᠠᠮᠢᠷ ᠤᠨ ᠳᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠡᠨᠡ ᠵᠢᠯ ᠤᠨ ᠰᠣᠷᠣᠭᠴᠢ ᠡᠯᠰᠡᠬᠦ ᠰᠢᠯᠭᠠᠯᠲᠠ ᠠᠴᠠ ᠡᠮᠦᠨᠡᠬᠢ ᠪᠡᠯᠡᠳᠭᠡᠯ ᠠᠵᠢᠯ ᠤᠨ ᠳᠣᠬᠠᠢ ᠬᠠᠷᠢᠭᠤ ᠮᠡᠳᠡᠬᠦᠯᠦᠯᠲᠡ ᠬᠢᠪᠡ᠃ ᠬᠤᠷᠠᠯ ᠠᠴᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠡᠬᠦᠷᠭᠡ ᠬᠠᠷᠢᠭᠤᠴᠠᠯᠭ᠎ᠠ ᠶᠢ ᠣᠯᠠᠮ ᠨᠢᠬᠡ ᠠᠯᠬᠤᠮ ᠪᠠᠶᠢᠷᠢᠯᠠᠭᠤᠯᠣᠨ ᠨᠠᠶᠢᠳᠠᠪᠣᠷᠢᠵᠢᠭᠤᠯᠵᠣ᠂ ᠪᠠᠶᠠᠨᠴᠢᠮᠡᠭ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠲᠠᠢ ᠭᠠᠷ ᠤᠨ ᠦᠰᠦᠭ ᠵᠢᠷᠣᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号