5 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ | ᠹᠧᠢ ᠯᠦ ᠭᠠᠯᠠᠭᠤᠲᠤ ᠪᠠᠯᠭᠠᠰᠤᠨ ᠲᠣᠭᠤᠷᠢᠭ ᠲᠤ ᠪᠦᠲᠦᠭᠡᠨ ᠪᠠᠶᠢᠭᠤᠯᠵᠤ ᠪᠠᠶᠢᠭ᠎ᠠ ᠰᠤᠷᠭᠠᠨ ᠬᠥᠮᠥᠵᠢᠯ ᠤᠨ | ᠲᠥᠷᠥᠯ ᠵᠦᠢᠯ ᠪᠣᠯᠣᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ | ᠰᠤᠳᠤᠯᠤᠯᠲᠠ ᠬᠢᠪᠡ᠃ ᠬᠤᠰᠢᠭᠤ ᠳᠡᠳ᠋ ᠳᠠᠷᠤᠭ᠎ᠠ ᠪᠠᠶᠠᠨᠴᠢᠮᠡᠭ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ | ᠣᠷᠣᠨ ᠰᠠᠭᠤᠴᠠ ᠪᠠ ᠬᠤᠲᠠ ᠬᠦᠳᠡᠭᠡ ᠶᠢᠨ ᠲᠦᠯᠦᠪᠵᠢᠬᠦᠯᠭᠡ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | ᠵᠣᠣ ᠹᠧᠢ ᠯᠣ᠋ ᠨᠠᠷ ᠣᠷᠢᠳ ᠬᠤᠵᠢᠳ ᠨᠡᠬᠦᠯᠬᠡᠨ ᠪᠠᠶᠢᠭᠤᠯᠵᠦ ᠪᠠᠶᠢᠭ᠎ᠠ ᠬᠤᠳᠠ ᠶᠢᠨ ᠮᠣᠩᠭᠤᠯ | ᠦᠨᠳᠦᠰᠦᠳᠡᠨ ᠤ ᠬᠤᠶᠠᠳᠣᠭᠠᠷ ᠳᠣᠮᠳᠠᠳᠣ ᠰᠣᠷᠭᠠᠭᠤᠯᠢ᠂ ᠭᠠᠯᠠᠭᠤᠲᠣ ᠰᠣᠷᠭᠠᠭᠤᠯᠢ ︵ᠬᠤᠶᠠᠳᠣᠭᠠᠷ ᠬᠤᠭᠤᠴᠠᠭ᠎ᠠ︶ | ᠪᠠ ᠤᠢ ᠶᠢᠨ ᠰᠡᠬᠦᠳᠡᠷᠲᠤ ᠵᠠᠮ ᠰᠢᠷᠬᠤᠰᠣ ᠵᠡᠬᠡᠯᠢ ᠶᠢᠨ ᠬᠤᠭᠤᠯᠠᠢ ᠳᠣᠣᠷ ᠤᠨ ᠦᠭᠡᠷᠡᠴᠢᠯᠡᠯᠲᠡ ᠶᠢᠨ ᠪᠥᠳᠥᠭᠡᠨ | ᠪᠠᠶᠢᠭᠤᠯᠤᠯᠳᠠ ᠶᠢᠨ ᠳᠣᠬᠠᠢ ᠶᠢᠨ ᠳᠠᠯᠠᠪᠠᠢ ᠵᠢᠴᠢ ᠵᠡᠬᠦᠨ ᠳᠣᠭᠤᠷᠢᠭᠤᠯ ᠵᠠᠮ ᠢᠶᠠᠷ ᠬᠦᠷᠴᠦ ᠪᠠᠷᠢᠯᠭ᠎ᠠ ᠶᠢᠨ ᠠᠬᠢᠴᠡ | ᠶᠢᠨ ᠪᠠᠶᠢᠳᠠᠯ ᠢ ᠦᠵᠡᠬᠦ ᠶᠢᠨ ᠬᠠᠮᠲᠣ ᠳᠣᠬᠠᠢ ᠶᠢᠨ ᠳᠠᠯᠠᠪᠠᠢ ᠳᠤ ᠠᠯᠪᠠᠯᠠᠵᠦ ᠴᠠᠬᠢᠯᠭᠠᠨ ᠣᠳᠠᠰᠣ ᠶᠢ ᠰᠢᠯᠵᠢᠬᠦᠯᠬᠦ | ᠵᠡᠷᠭᠡ ᠠᠰᠠᠭᠤᠳᠠᠯ ᠢ ᠰᠢᠢᠳᠪᠦᠷᠢᠯᠡᠪᠡ᠃ ᠬᠤᠳᠠ ᠶᠢᠨ ᠮᠣᠩᠭᠤᠯ ᠦᠨᠳᠦᠰᠦᠳᠡᠨ ᠤ ᠬᠤᠶᠠᠳᠣᠭᠠᠷ ᠳᠣᠮᠳᠠᠳᠣ | ᠰᠣᠷᠭᠠᠭᠤᠯᠢ᠂ ᠭᠠᠯᠠᠭᠤᠲᠣ ᠰᠣᠷᠭᠠᠭᠤᠯᠢ ᠶᠢᠨ ︵ᠬᠤᠶᠠᠳᠣᠭᠠᠷ ᠬᠤᠭᠤᠴᠠᠭ᠎ᠠ︶ ᠪᠠᠷᠢᠯᠭ᠎ᠠ ᠶᠢᠨ ᠳᠣᠬᠠᠢ ᠶᠢᠨ | ᠳᠠᠯᠠᠪᠠᠢ ᠳᠤ ᠵᠣᠣ ᠹᠧᠢ ᠯᠣ᠋ ᠰᠣᠷᠭᠠᠭᠤᠯᠢ ᠶᠢᠨ ᠬᠦᠷᠢᠶᠡᠨ ᠤ ᠪᠦᠲᠦᠬᠡᠨ ᠪᠠᠶᠢᠭᠤᠯᠣᠯᠲᠠ ᠶᠢᠨ ᠳᠦᠷᠦᠯ ᠵᠦᠢᠯ ᠪᠣᠯ | ᠣᠯᠠᠨ ᠲᠦᠮᠡᠨ ᠤ ᠴᠢᠨᠠᠷ ᠰᠠᠶᠢᠳᠠᠢ ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠱᠠᠭᠠᠷᠳᠠᠯᠭ᠎ᠠ ᠶᠢ ᠬᠠᠩᠭᠠᠬᠤ | ᠴᠢᠬᠤᠯᠠ ᠠᠷᠠᠳ ᠤᠨ ᠠᠮᠢᠳᠣᠷᠠᠯ ᠤᠨ ᠢᠨᠵᠧᠨᠧᠷᠢᠩ ᠪᠣᠯᠣᠨ᠎ᠠ᠂ ᠡᠯ᠎ᠡ ᠰᠠᠯᠠᠭ᠎ᠠ ᠮᠦᠴᠢᠷ ᠨᠢ ᠪᠠᠷᠢᠯᠭ᠎ᠠ ᠶᠢᠨ | ᠠᠬᠢᠴᠠ ᠶᠢ ᠴᠠᠭ ᠢᠮᠠᠭᠳᠠ ᠠᠳᠬᠤᠵᠦ ᠣᠷᠣᠰᠢᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ ᠦᠢᠯᠡᠴᠢᠯᠡᠬᠡᠨ ᠤ | ᠠᠵᠢᠯ ᠢ ᠰᠠᠶᠢᠳᠣᠷ ᠬᠢᠵᠦ ᠠᠮᠣᠷ ᠳᠣᠭᠳᠠᠭᠤᠨ ᠪᠣᠯᠣᠨ ᠶᠠᠰᠣ ᠴᠢᠨᠠᠷ ᠤᠨ ᠬᠠᠮᠢᠶᠠᠷᠣᠯᠳᠠ ᠶᠢ ᠴᠢᠩᠭᠠᠳᠬᠠᠵᠦ | ᠲᠦᠷᠦᠯ ᠵᠦᠢᠯ ᠤᠨ ᠳᠦᠯᠦᠪᠯᠡᠭᠡ ᠶᠣᠰᠣᠭᠠᠷ ᠶᠠᠪᠤᠭᠳᠠᠭᠤᠯᠵᠤ ᠬᠡᠷᠡᠭᠯᠡᠯᠳᠡ ᠳᠤ ᠣᠷᠣᠬᠤ ᠶᠢ ᠪᠠᠳᠣᠯᠠᠬᠤ ᠬᠡᠷᠡᠭᠲᠡᠢ | ᠬᠡᠵᠡᠢ᠃ ᠤᠢ ᠶᠢᠨ ᠰᠡᠬᠦᠳᠡᠷᠲᠤ ᠵᠠᠮ ᠪᠣᠯᠣᠨ ᠰᠢᠷᠬᠤᠰᠣ ᠵᠡᠬᠡᠯᠢ ᠶᠢᠨ ᠳᠣᠣᠷ ᠰᠦᠯᠵᠢᠶᠠᠨ ᠤ ᠦᠬᠡᠷᠡᠴᠢᠯᠡᠯᠳᠡ ᠶᠢᠨ | ᠪᠠᠷᠢᠯᠭ᠎ᠠ ᠶᠢᠨ ᠳᠣᠬᠠᠢ ᠶᠢᠨ ᠳᠠᠯᠠᠪᠠᠢ ᠳᠤ ᠵᠣᠣ ᠹᠧᠢ ᠯᠣ᠋ ᠪᠣᠷᠣᠭᠠᠨ ᠣᠰᠣ ᠶᠢ ᠰᠢᠢᠳᠪᠦᠷᠢᠯᠡᠬᠦ ᠬᠤᠭᠤᠯᠠᠢ ᠶᠢ | ᠣᠭᠰᠠᠷᠠᠵᠦ ᠪᠠᠶᠢᠭ᠎ᠠ ᠪᠠᠶᠢᠳᠠᠯ ᠢ ᠦᠵᠡᠵᠦ ᠴᠢᠬᠤᠯᠠᠴᠢᠯᠠᠬᠤ ᠳᠠᠭᠠᠨ᠂ ᠭᠠᠵᠠᠷ ᠳᠣᠣᠷᠠᠬᠢ ᠪᠠᠷᠢᠯᠭ᠎ᠠ ᠶᠢᠨ ᠠᠵᠢᠯ | ᠬᠦᠴᠢᠷᠳᠡᠢ᠂ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠣᠭ ᠮᠠᠲ᠋ᠧᠷᠢᠶᠠᠯ ᠤᠨ ᠴᠢᠨᠠᠷ ᠤᠨ ᠰᠢᠯᠭᠠᠨ ᠪᠠᠶᠢᠴᠠᠭᠠᠬᠤ | ᠪᠣᠯᠣᠨ ᠪᠠᠷᠢᠯᠭ᠎ᠠ ᠶᠢᠨ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠦ ᠴᠢᠨᠠᠷ ᠰᠠᠶᠢᠳᠠᠢ ᠪᠠᠷᠢᠯᠭ᠎ᠠ ᠶᠢ | ᠪᠠᠳᠣᠯᠠᠵᠦ ᠪᠠᠯᠭᠠᠰᠣᠨ ᠳᠣᠭᠤᠷᠢᠭ ᠤᠨ ᠪᠣᠷᠣᠭᠠᠨ ᠤ ᠣᠰᠣ ᠶᠢ ᠪᠦᠲᠦᠮᠵᠢᠲᠠᠢ ᠭᠠᠳᠠᠭᠰᠢᠯᠠᠭᠤᠯᠵᠦ ᠠᠷᠠᠳ ᠳᠦᠮᠡᠨ | ᠤ ᠰᠡᠳᠬᠢᠯ ᠳᠤ ᠬᠠᠨᠤᠮᠵᠢᠲᠠᠢ ᠢᠨᠵᠧᠨᠧᠷᠢᠩ ᠪᠣᠯᠭᠠᠬᠤ ᠬᠡᠷᠡᠭᠲᠡᠢ ᠬᠡᠪᠡ᠃ | ᠵᠣᠣ ᠹᠧᠢ ᠯᠣ᠋ ᠳᠣᠭᠤᠷᠢᠨ ᠪᠠᠶᠢᠴᠠᠭᠠᠯᠳᠠ ᠶᠢᠨ ᠳᠣᠮᠳᠠ ᠪᠠᠰᠠ ᠪᠠᠯᠭᠠᠰᠣᠨ ᠳᠣᠭᠤᠷᠢᠭ ᠤᠨ ᠬᠡᠰᠡᠭ | ᠨᠣᠭᠤᠭᠠᠷᠠᠭᠤᠯᠣᠯᠲᠠ ᠶᠢᠨ ᠠᠬᠢᠴᠠ ᠶᠢᠨ ᠪᠠᠶᠢᠳᠠᠯ ᠢ ᠣᠶᠢᠯᠠᠭᠠᠭᠰᠠᠨ ᠪᠠᠶᠢᠨ᠎ᠠ᠃ | |