5 ᠰᠠᠷ᠎ᠠ ᠶᠢᠨ 25 ᠤ ᠡᠳᠦᠷ᠂ ᠪᠥᠭᠦ ᠬᠤᠰᠢᠭᠤᠨ ᠤ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ | ᠲᠤᠰᠬᠠᠢ ᠲᠠᠮᠠᠴᠠᠯ ᠤᠨ ᠠᠵᠢᠯ ᠤᠨ ᠵᠢᠷᠭᠤᠳᠤᠭᠠᠷ ᠤᠳᠠᠭᠠᠨ ᠤ ᠠᠭᠢᠭᠤᠯᠤᠯᠳᠠ ᠶᠢᠨ ᠬᠤᠷᠠᠯ ᠬᠤᠷᠠᠯᠳᠤᠭᠰᠠᠨ | ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠲᠠᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠭᠤᠤ | ᠬᠤ᠋᠂ ᠪᠠᠶᠠᠠᠴᠠᠩᠭᠡᠯ ᠪᠤᠯᠤᠨ ᠡᠯ᠎ᠠ ᠰᠤᠮᠤ ᠪᠠᠯᠭᠠᠰᠤ ᠡᠯ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠬᠤᠷᠠᠯ | ᠳᠤ ᠤᠷᠤᠯᠴᠠᠪᠠ᠃ | ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠱᠥᠵᠢ ᠬᠤᠰᠢᠭᠤ ᠬᠠᠷ᠎ᠠ ᠪᠥᠯᠥᠭᠳᠠᠨ ᠬᠠᠷᠭᠢᠰ | ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠡᠷᠳᠡᠨᠢᠪᠢᠯᠢᠭ ᠠᠴᠠ | ᠬᠤᠳᠠ ᠶᠢᠨ ᠨᠠᠮ ᠤᠨ ᠬᠤᠷᠢᠶᠠᠨ ᠤ ᠱᠥᠵᠢ ᠨᠢᠤ ᠵᠢᠶᠥ᠋ᠨ ᠶᠠᠨ ᠪᠤᠯᠤᠨ ᠬᠤᠳᠠ ᠶᠢᠨ ᠨᠠᠮ ᠤᠨ ᠬᠤᠷᠢᠶᠠᠨ ᠤ ᠲᠡᠳ᠋ | ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠢᠤᠢ ᠰᠢᠨ ᠹᠠᠩ ᠤᠨ ᠪᠥᠭᠦ ᠬᠤᠳᠠ ᠶᠢᠨ | ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠤᠳᠤᠷᠢᠳᠬᠤ ᠲᠤᠭᠤᠶᠢᠯᠠᠩ ᠤᠨ | ᠬᠤᠷᠠᠯ ᠲᠡᠭᠡᠷᠡᠭᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠪᠠ᠃ ᠬᠤᠰᠢᠭᠤ ᠨᠠᠮ ᠤᠨ ᠬᠤᠷᠢᠶᠠᠨ ᠤ ᠲᠡᠳ᠋ | ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠬᠤᠰᠢᠭᠤ ᠬᠠᠷ᠎ᠠ ᠪᠥᠯᠥᠭᠳᠠᠨ ᠬᠠᠷᠭᠢᠰ | ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠤᠳᠤᠷᠢᠳᠬᠤ ᠲᠤᠭᠤᠶᠢᠯᠠᠩ ᠤᠨ ᠪᠠᠶᠢᠩᠭᠤ ᠶᠢᠨ ᠠᠵᠢᠯ ᠢ | ᠬᠠᠷᠢᠭᠤᠴᠠᠬᠤ ᠲᠡᠳ᠋ ᠲᠠᠷᠤᠭ᠎ᠠ ᠰᠤᠷᠭᠠᠯᠳᠤ ᠠᠴᠠ ᠪᠥᠭᠦ ᠬᠤᠰᠢᠭᠤᠨ ᠤ ᠬᠠᠷ᠎ᠠ ᠪᠥᠯᠥᠭᠳᠠᠨ ᠬᠠᠷᠭᠢᠰ ᠭᠥᠴᠤᠨ ᠢ | ᠠᠷᠢᠯᠭᠠᠬᠤ ᠲᠤᠰᠬᠠᠢ ᠲᠠᠮᠠᠴᠠᠯ ᠤᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ | ᠲᠠᠮᠠᠴᠠᠯ ᠢ ᠭᠤᠷᠪᠠᠨ ᠵᠢᠯ ᠤᠨ ᠬᠤᠭᠤᠴᠠᠭ᠎ᠠ ᠲᠠᠢ ᠥᠷᠨᠢᠭᠦᠯᠭᠦ ᠪᠤᠯ ᠰᠢ ᠶᠢᠨ ᠫᠢᠩ ᠶᠠᠷᠤᠩᠭᠡᠢ ᠱᠥᠵᠢ ᠪᠠᠷ ᠭᠤᠤᠯ | ᠪᠤᠯᠭᠠᠭᠰᠠᠨ ᠨᠠᠮ ᠤᠨ ᠲᠥᠪ ᠬᠤᠷᠢᠶ᠎ᠠ ᠠᠴᠠ ᠲᠤᠷᠠᠳᠤᠨ ᠭᠠᠷᠭᠠᠭᠰᠠᠨ ᠨᠢᠭᠡ ᠲᠥᠷᠤᠯ ᠤᠨ ᠴᠢᠬᠤᠯᠠ ᠶᠡᠭᠡ | ᠰᠶᠢᠳᠪᠤᠷᠢᠳᠤ ᠪᠠᠶᠢᠷᠢᠯᠠᠭᠤᠯᠤᠯᠲᠠ᠂ ᠤᠳᠤᠬᠠᠨ ᠤ ᠪᠠ ᠬᠤᠵᠢᠮ ᠤᠨ ᠨᠢᠭᠡ ᠬᠤᠭᠤᠴᠠᠭᠠᠨ ᠤ ᠨᠢᠭᠡ ᠲᠥᠷᠤᠯ ᠤᠨ | ᠴᠢᠬᠤᠯᠠ ᠤᠯᠤᠰ ᠲᠥᠷᠤ ᠶᠢᠨ ᠡᠭᠦᠷᠭᠡ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ︽ᠲᠥᠷᠪᠡᠨ | ᠤᠬᠠᠮᠰᠠᠷ ᠢ ᠪᠤᠢ ᠪᠤᠯᠭᠠᠨ ᠲᠥᠷᠪᠡᠨ ᠢᠳᠡᠭᠡᠯ ᠢ ᠪᠠᠳᠤᠳᠬᠠᠵᠦ ᠬᠤᠶᠠᠷ ᠢ ᠡᠷᠡᠰ ᠬᠠᠮᠠᠭᠠᠯᠠᠬᠤ ᠶᠢ ᠪᠠᠶᠠᠯᠡᠬᠦᠯᠦᠨ | ᠤᠯᠤᠰ ᠲᠥᠷᠥ ᠶᠢᠨ ᠵᠤᠭᠰᠤᠴᠠ ᠪᠠᠨ ᠥᠨᠠᠠᠭᠦ ᠲᠡᠭᠡᠭᠰᠢᠯᠠᠭᠦᠯᠵᠦ ᠵᠤᠭᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ | ᠪᠠᠨ ᠴᠢᠩᠭᠠᠳᠬᠠᠨ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠬᠤ ᠭᠡᠷᠡᠭᠳᠠᠢ᠃ ᠭᠤᠤᠯᠳᠠᠯᠭ᠎ᠠ ᠲᠠᠢ ᠠᠵᠢᠯ | ᠲᠥᠷᠥᠯ᠂ ᠭᠤᠤᠯᠳᠠᠯᠭ᠎ᠠ ᠲᠠᠢ ᠭᠥᠷᠢᠶ᠎ᠠ ᠴᠠᠷᠠᠭ᠎ᠠ ᠳᠤ ᠴᠢᠭᠯᠡᠭᠦᠯᠤᠨ ᠨᠢᠭᠲᠠ ᠪᠠᠶᠢᠷᠢᠯᠠᠭᠤᠯᠤᠯᠳᠠ ᠭᠢᠵᠤ ᠠᠵᠢᠯ ᠤᠨ | ᠡᠭᠦᠷᠭᠡ ᠶᠢᠨ ᠬᠤᠪᠢᠶᠠᠷᠢᠯᠠᠯᠳᠠ ᠶᠢ ᠨᠠᠷᠢᠯᠢᠭᠵᠢᠭᠤᠯᠤᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ | ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠢ ᠤᠯᠠᠮ ᠭᠥᠨᠵᠡᠭᠡᠢ ᠠᠭᠢᠭᠤᠯᠬᠤ ᠭᠡᠷᠡᠭᠳᠠᠢ | ᠭᠡᠵᠡᠢ᠃ | ᠡᠷᠳᠡᠨᠢᠪᠢᠯᠢᠭ ᠱᠠᠭᠠᠷᠳᠠᠬᠤ ᠳᠤ ᠪᠠᠨ᠂ ᠪᠥᠭᠦ ᠬᠤᠰᠢᠭᠤᠨ ᠤ ᠡᠯ᠎ᠠ ᠭᠠᠵᠠᠷ ᠣᠷᠣᠨ ᠡᠯ᠎ᠠ ᠰᠠᠯᠠᠭ᠎ᠠ ᠮᠥᠴᠢᠷ | ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠤᠬᠠᠭᠤᠯᠭ᠎ᠠ ᠶᠢᠨ ᠠᠵᠢᠯ ᠢ ᠰᠠᠶᠢᠨ ᠭᠢᠵᠤ ᠤᠯᠠᠨ ᠲᠥᠮᠡᠨ ᠤ | ᠤᠶᠢᠯᠠᠭᠠᠵᠦ ᠮᠠᠳᠠᠭᠦ ᠭᠡᠮᠵᠢᠶ᠎ᠠ ᠶᠢ 100% ᠳᠤ ᠭᠥᠷᠭᠡᠭᠦ ᠭᠡᠷᠡᠭᠳᠠᠢ᠃ ᠬᠤᠳᠠ ᠶᠢᠨ ᠨᠠᠮ ᠤᠨ ᠬᠤᠷᠢᠶᠠᠨ ᠤ ᠬᠠᠷ᠎ᠠ | ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠥᠷᠤᠯ ᠤᠨ ᠭᠢᠨᠠᠨ ᠵᠢᠯᠤᠭᠤᠳᠤᠯᠭ᠎ᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠠᠵᠢᠯ ᠢ ᠰᠠᠶᠢᠨ ᠭᠢᠵᠤ ᠥᠪᠠᠷ ᠢ ᠪᠠᠨ ᠪᠠᠶᠢᠴᠠᠭᠠᠵᠤ | ᠥᠪᠡᠷ ᠢᠶᠠᠨ ᠵᠠᠯᠠᠷᠠᠭᠤᠯᠬᠤ ᠶᠢ ᠭᠢᠨᠠᠮᠠᠭᠠᠢ ᠥᠷᠨᠢᠭᠦᠯᠤᠨ ᠴᠡᠭᠴᠡᠯᠠᠨ ᠰᠠᠶᠢᠵᠢᠷᠠᠭᠤᠯᠤᠯᠳᠠ ᠶᠢ ᠤᠷᠤᠨᠵᠢᠭᠤᠯᠬᠤ | ᠭᠡᠷᠡᠭᠳᠠᠢ᠃ ᠭᠤᠤᠯᠳᠠᠯᠭ᠎ᠠ ᠲᠠᠢ ᠴᠠᠷᠠᠭᠠᠨ ᠤ ᠲᠤᠰᠬᠠᠢ ᠲᠥᠷᠤᠯ ᠤᠨ ᠴᠡᠭᠴᠡᠯᠠᠨ ᠰᠠᠶᠢᠵᠢᠷᠠᠭᠤᠯᠤᠯᠳᠠ ᠶᠢ ᠰᠠᠶᠢᠨ | ᠭᠢᠵᠤ ᠬᠠᠤᠯᠢ ᠪᠠᠷ ᠰᠢᠳᠭᠡᠭᠦ ᠭᠥᠴᠤᠯᠠᠴᠠ ᠪᠠᠨ ᠴᠢᠩᠭᠠᠳᠬᠠᠨ ᠥᠨᠳᠤᠰᠤᠨ ᠱᠠᠳᠤᠨ ᠤ ᠵᠤᠭᠢᠶᠠᠨ ᠪᠠᠶᠢᠭᠤᠯᠤᠯᠳᠠ | ᠶᠢᠨ ᠪᠠᠶᠢᠭᠤᠯᠤᠯᠳᠠ ᠶᠢ ᠴᠢᠩᠭᠠᠳᠬᠠᠵᠦ ᠵᠠᠭᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ ᠠᠵᠢᠯ ᠢ ᠪᠥᠭᠦ | ᠲᠠᠯ᠎ᠠ ᠪᠠᠷ ᠰᠠᠶᠢᠨ ᠭᠢᠭᠦ ᠭᠡᠷᠡᠭᠳᠠᠢ ᠭᠡᠵᠡᠢ᠃ |