5 ᠰᠠᠷ᠎ᠠ ᠶᠢᠨ 24 ᠤ ᠡᠳᠦᠷ᠂ ᠲᠥᠪ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ | ᠮᠡᠳᠡᠭᠦᠯᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ | ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠦ | ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ᠂ ᠪᠠᠶᠠᠨᠴᠢᠮᠡᠭ᠂ ᠯᠢ ᠬᠤᠩ | ᠯᠢᠶᠠᠩ ᠪᠣᠯᠣᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠪᠠ | ᠵᠢᠭᠤᠯᠴᠢᠯᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | | | | | ᠬᠤᠷᠠᠯ ᠳᠡᠭᠡᠷ᠎ᠡ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠠᠴᠠ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠶᠢ ᠤᠯᠠᠮᠵᠢᠯᠠᠭᠰᠠᠨ ᠪᠥᠭᠡᠳ ᠭᠤᠶᠤᠴᠢᠯᠠᠨ ᠮᠡᠳᠡᠭᠦᠯᠬᠦ | ᠪᠠ ᠰᠦᠯᠵᠢᠶᠡᠨ ᠳᠡᠭᠡᠷ᠎ᠡ ᠬᠠᠮᠲᠤᠷᠠᠨ ᠬᠢᠨᠠᠨ ᠵᠥᠪᠰᠢᠶᠡᠷᠡᠬᠦ ᠲᠠᠪᠴᠠᠩ ᠤᠨ ᠠᠵᠢᠯᠯᠠᠭᠠᠨ ᠤ ᠪᠠᠶᠢᠳᠠᠯ ᠵᠡᠷᠭᠡ ᠶᠢᠨ | ᠲᠤᠬᠠᠢ ᠬᠠᠷᠢᠭᠤ ᠮᠡᠳᠡᠭᠦᠯᠦᠯᠲᠡ ᠬᠢᠵᠦ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰ ᠲᠤᠰ ᠤᠨ ᠬᠦᠷᠢᠶ᠎ᠡ | ᠴᠠᠷᠠᠭᠠᠨ ᠳᠠᠬᠢ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠪᠠ ᠭᠠᠷᠳᠠᠮ ᠢ ᠭᠦᠢᠴᠡᠳᠬᠡᠬᠦ ᠲᠠᠢ | ᠤᠶᠠᠯᠳᠤᠭᠤᠯᠤᠨ ᠶᠠᠷᠢᠶ᠎ᠠ ᠲᠠᠯᠪᠢᠪᠠ᠃ | ᠵᠤᠤ ᠹᠧᠢ ᠯᠦ ᠵᠢᠭᠠᠬᠤ ᠳᠠᠭᠠᠨ᠂ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠪᠣᠯ ᠭᠠᠵᠠᠷ ᠣᠷᠣᠨ ᠤ | ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠡᠯ᠎ᠡ ᠰᠠᠯᠠᠭ᠎ᠠ ᠮᠥᠴᠢᠷ ᠤᠨ ᠬᠢᠨ | ᠲᠥᠷᠥᠯ ᠵᠦᠢᠯ ᠪᠣᠯᠤᠨ ᠪᠡᠯᠡ ᠮᠥᠩᠭᠦ ᠣᠯᠬᠤ ᠰᠠᠨᠠᠭᠠᠴᠢᠯᠠᠭᠠᠲᠤ ᠴᠢᠨᠠᠷ ᠪᠣᠯᠣᠨ ᠢᠳᠡᠪᠬᠢᠵᠢᠯ ᠢᠶᠠᠨ ᠨᠡᠮᠡᠭᠳᠡᠭᠦᠯᠵᠦ | ᠂ ᠣᠳᠣᠬᠠᠨ ᠤ ᠠᠰᠢᠭᠲᠠᠢ ᠠᠵᠠ ᠲᠣᠬᠢᠶᠠᠯ ᠢ ᠵᠠᠪᠳᠤᠨ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠲᠠᠢ | ᠬᠤᠯᠪᠣᠭᠳᠠᠬᠤ᠂ ᠪᠡᠯᠡ ᠣᠷᠣᠭᠤᠯᠤᠯᠲᠠ ᠶᠢ ᠪᠦᠲᠦᠮᠵᠢᠲᠡᠢ ᠳᠠᠶᠢᠴᠢᠯᠠᠬᠤ᠂ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠨᠢᠭᠡ ᠪᠦᠯᠦᠭ ᠲᠥᠷᠥᠯ ᠵᠦᠢᠯ ᠢ ᠱᠠᠯᠠᠪᠳᠠᠨ ᠲᠥᠯᠥᠪᠵᠢᠭᠦᠯᠵᠦ ᠭᠤᠶᠤᠴᠢᠯᠠᠨ ᠮᠡᠳᠡᠭᠦᠯᠤᠨ | ᠨᠥᠭᠡᠴᠡᠯᠡᠬᠦ ᠬᠡᠷᠡᠭᠲᠡᠢ ᠭᠡᠵᠡᠢ᠃ | ᠵᠣᠣ ᠹᠧᠢ ᠯᠦ ᠴᠢᠬᠤᠯᠠᠴᠢᠯᠠᠬᠤ ᠳᠠᠭᠠᠨ᠂ ᠡᠯ᠎ᠡ ᠰᠠᠯᠠᠭ᠎ᠠ ᠮᠥᠴᠢᠷ ᠤᠨ ᠬᠢᠨ ᠦᠳᠲᠡᠷ ᠲᠦᠷᠭᠡᠨ | ᠬᠥᠳᠡᠯᠦᠯᠴᠡᠵᠦ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠲᠠᠢ ᠬᠠᠷᠭᠤᠭᠤᠯᠤᠨ ᠲᠤᠰ ᠲᠤᠰ ᠤᠨ ᠬᠦᠷᠢᠶ᠎ᠡ ᠴᠠᠷᠠᠭᠠᠨ | ᠤ ᠨᠥᠬᠦᠴᠡᠯ ᠳᠤ ᠨᠡᠶᠢᠴᠡᠬᠦ᠂ ᠪᠠᠴᠢᠮ ᠬᠡᠷᠡᠭᠵᠢᠭᠦᠯᠬᠦ ᠴᠢᠬᠤᠯᠠᠲᠠᠢ ᠲᠥᠷᠥᠯ ᠵᠦᠢᠯ ᠢ ᠡᠮᠬᠢᠯᠡᠵᠦ ᠪᠦᠲᠦᠭᠡᠨ | ᠪᠠᠶᠢᠭᠤᠯᠤᠯᠲᠠ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠰᠥᠪᠯᠡᠨ ᠭᠤᠶᠤᠴᠢᠯᠠᠨ ᠮᠡᠳᠡᠭᠦᠯᠬᠦ ᠲᠥᠷᠥᠯ | ᠵᠦᠢᠯ ᠢ ᠰᠤᠳᠤᠯᠤᠨ ᠲᠣᠭᠲᠠᠭᠠᠬᠤ ᠬᠡᠷᠡᠭᠲᠡᠢ᠃ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠲᠠᠢ ᠬᠠᠷᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ ᠲᠥᠷᠥᠯ ᠵᠦᠢᠯ ᠤᠨ ᠮᠡᠳᠡᠭᠦᠯᠦᠯᠲᠡ ᠶᠢᠨ ᠠᠮᠵᠢᠯᠲᠠ ᠣᠯᠬᠤ | ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ | ᠥᠭᠡᠷᠡᠴᠢᠯᠡᠯᠲᠡ ᠶᠢᠨ ᠡᠯ᠎ᠡ ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠰᠦᠯᠵᠢᠶᠡᠨ ᠳᠡᠭᠡᠷ᠎ᠡ | ᠬᠢᠨᠠᠨ ᠵᠥᠪᠰᠢᠶᠡᠷᠡᠬᠦ ᠲᠠᠪᠴᠠᠩ ᠢ ᠰᠠᠶᠢᠲᠤᠷ ᠬᠡᠷᠡᠭᠯᠡᠵᠦ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠶᠢ ᠦᠨᠡᠨᠬᠦ ᠳᠡᠭᠡᠭᠰᠢᠯᠡᠭᠦᠯᠦᠨ ᠲᠥᠷᠥᠯ ᠵᠦᠢᠯ ᠢ ᠬᠥᠳᠡᠯᠦᠩᠭᠦᠶ ᠪᠠᠷ ᠰᠢᠨᠡᠳᠬᠡᠵᠦ ᠲᠥᠷᠥᠯ ᠵᠦᠢᠯ ᠤᠨ | ᠠᠵᠢᠯ ᠢᠶᠠᠨ ᠡᠬᠢᠯᠡᠬᠦᠯᠵᠦ ᠰᠡᠷᠭᠦᠭᠡᠬᠦ ᠨᠦᠬᠦᠴᠡᠯ ᠢ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃ |