2019 ᠲᠤᠮᠳᠠᠳᠤ ᠤᠯᠤᠰ ᠤᠨ ᠤᠯᠠᠨ ᠤᠯᠤᠰ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠦᠵᠡᠰᠭᠦᠯᠡᠩ ᠭᠦᠢᠵᠸᠦ ᠳᠤ ᠡᠬᠢᠯᠡᠪᠡ
ᠨᠡᠶᠢᠲᠡᠯᠡᠭᠰᠡᠨ ᠴᠠᠭ᠄
2019-05-29
     ᠰᠢᠨᠬᠤᠸᠠ ᠬᠤᠷᠢᠶᠠᠨ ᠤ ᠭᠦᠢᠶᠠᠩ ᠤᠨ 5 ᠰᠠᠷ᠎ᠠ ᠶᠢᠨ 26 ᠤ ᠴᠠᠬᠢᠯᠭᠠᠨ ᠮᠡᠳᠡᠭᠡ 2019 ᠲᠤᠮᠳᠠᠳᠤ ᠤᠯᠤᠰ ᠤᠨ ᠤᠯᠠᠨ ᠤᠯᠤᠰ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠦᠵᠡᠰᠭᠦᠯᠡᠩ ᠤᠨ ᠴᠤᠬᠯᠠᠭᠠᠨ 26 ᠤ ᠡᠳᠦᠷ ᠭᠦᠢᠶᠠᠩ ᠳᠤ ᠡᠬᠢᠯᠡᠪᠡ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠪᠦᠬᠦ ᠤᠯᠤᠰ ᠤᠨ ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠲᠠᠷᠤᠭ᠎ᠠ ᠸᠠᠩ ᠴᠧᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ᠲᠡᠷᠢᠭᠦᠯᠡᠭᠴᠢ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠳᠡᠯᠡᠭᠰᠡᠨ ᠪᠦᠭᠡᠤᠨ ᠪᠠᠶᠠᠷ ᠤᠨ ᠦᠭᠡ ᠬᠡᠯᠡᠪᠡ᠃      ᠸᠠᠩ ᠴᠧᠨ᠂ ᠲᠡᠷᠢᠭᠦᠯᠡᠭᠴᠢ ᠰᠢ ᠶᠢᠨ ᠫᠢᠩ ᠤᠨ ᠪᠠᠶᠠᠷ ᠤᠨ ᠵᠠᠬᠢᠳᠠᠯ ᠨᠢ ᠲᠤᠮᠳᠠᠳᠤ ᠤᠯᠤᠰ ᠲᠤᠮᠤ ᠳ᠋ᠠᠶᠢᠲ᠋ᠠ ᠶᠢᠨ ᠠᠵᠤ ᠦᠢᠯᠡᠰ ᠢ ᠬᠦᠭᠵᠢᠭᠦᠯᠬᠦ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ᠂ ᠲᠡᠯᠡᠬᠡᠢ ᠶᠢᠨ ᠡᠯ᠎ᠡ ᠤᠯᠤᠰ ᠯᠤᠭ᠎ᠠ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠤᠨᠬᠠᠬᠤ ᠶᠢ ᠠᠬᠢᠭᠤᠯᠬᠤ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠶᠢ ᠪᠡᠶᠡᠯᠡᠭᠦᠯᠬᠦ ᠡᠷᠡᠰ ᠪᠠᠳᠤ ᠢᠳᠡᠭᠡᠯ ᠲᠠᠢ ᠪᠠᠶᠢᠬᠤ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠰᠢᠨ᠎ᠡ ᠨᠡᠩ ᠶᠡᠭᠡ ᠬᠦᠭᠵᠢᠯᠳᠡ ᠶᠢ ᠪᠡᠶᠡᠯᠡᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠬᠳᠠᠯ ᠲᠠᠢ ᠭᠡᠳᠡᠭ ᠢ ᠭᠦᠢᠴᠡᠦᠨ ᠢᠯᠡᠷᠡᠭᠦᠯᠵᠡᠢ ᠭᠡᠵᠦ ᠵᠢᠭᠠᠵᠤ ᠭᠠᠷᠭᠠᠵᠠᠢ᠃      ᠸᠠᠩ ᠴᠧᠨ᠂ ᠲᠤᠭᠠᠴᠢᠯᠠᠬᠰᠠᠨ ᠠᠵᠤ ᠠᠬᠤᠢ ᠶᠢ ᠬᠦᠭᠵᠢᠭᠦᠯᠬᠦ ᠪᠤᠯ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠪᠦᠳᠦᠮᠵᠢᠳᠡᠢ ᠠᠷᠭ᠎ᠠ ᠵᠠᠮ ᠪᠤᠯᠬᠤ ᠪᠦᠭᠡᠤᠨ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠴᠢᠬᠤᠯᠠ ᠠᠭᠤᠯᠭ᠎ᠠ ᠪᠤᠯᠤᠨ᠎ᠠ᠂ ᠮᠦᠨ ᠴᠦ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠬᠦ ᠪᠤᠰᠤᠤᠨᠴᠢ ᠱᠠᠭᠠᠷᠳᠠᠯᠭ᠎ᠠ ᠪᠤᠯᠤᠨ᠎ᠠ᠃ ᠲᠤᠮᠳᠠᠳᠤ ᠤᠯᠤᠰ ᠰᠢᠨ᠎ᠠ ᠭᠦᠭᠵᠢᠯᠳᠠ ᠶᠢᠨ ᠦᠢᠯᠠᠭᠠᠭᠳᠠᠬᠤᠨ ᠢ ᠪᠠᠷᠢᠮᠳᠠᠯᠠᠨ ᠲᠡᠭᠦᠯᠳᠡᠷᠵᠢᠭᠦᠯᠵᠤ᠂ ᠲᠤᠭ᠎ᠠ ᠪᠠᠷᠢᠮᠳᠠ ᠶᠢᠨ ᠰᠠᠭᠤᠷᠢ ᠡᠬᠢ ᠪᠠᠶᠠᠯᠢᠭ ᠪᠠ ᠰᠢᠨ᠎ᠠ ᠶᠢ ᠡᠭᠦᠳᠭᠦ ᠬᠦᠳᠡᠯᠭᠡᠭᠦᠷ ᠤᠨ ᠦᠢᠯᠡᠳᠤᠯ ᠢ ᠤᠯᠠᠮ ᠴᠢᠨᠠᠭᠰᠢᠳᠠ ᠪᠠᠳᠠᠷᠠᠭᠤᠯᠵᠤ᠂ ᠲᠤᠭᠠᠴᠢᠯᠠᠯᠳᠠ ᠶᠢ ᠠᠵᠤ ᠦᠢᠯᠡᠰᠵᠢᠭᠦᠯᠬᠦ ᠂ ᠠᠵᠤ ᠦᠢᠯᠡᠰ ᠢ ᠲᠤᠭᠠᠴᠢᠯᠠᠬᠤ ᠶᠢ ᠲᠦᠷᠭᠡᠪᠴᠢᠯᠠᠨ ᠠᠬᠢᠭᠤᠯᠵᠤ᠂ ᠲᠤᠭ᠎ᠠ ᠪᠠᠷᠢᠮᠳᠠ ᠶᠢᠨ ᠶᠡᠭᠡ ᠤᠯᠤᠰ ᠠᠴᠠ ᠲᠤᠭ᠎ᠠ ᠪᠠᠷᠢᠮᠳᠠ ᠶᠢᠨ ᠭᠦᠴᠤᠷᠭᠡᠭ ᠤᠯᠤᠰ ᠲᠠᠶᠢᠰᠢ ᠬᠤᠪᠢᠷᠠᠬᠤ ᠶᠢ ᠴᠢᠷᠮᠠᠶᠢᠨ ᠪᠡᠶᠡᠯᠡᠭᠦᠯᠭᠦ ᠭᠡᠷᠡᠭᠳᠠᠢ᠃ ᠲᠤᠭᠠᠴᠢᠯᠠᠭᠰᠠᠨ ᠵᠠᠰᠠᠯᠳᠠ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠵᠠᠰᠠᠯᠳᠠ ᠶᠢᠨ ᠤᠳᠤᠬᠢᠴᠢᠯᠠᠯᠳᠠ ᠶᠢ ᠠᠬᠢᠭᠤᠯᠬᠤ ᠬᠡᠷᠡᠭᠳᠠᠢ︔ ᠲᠤᠭᠠᠨ ᠤ ᠵᠠᠭᠠᠭ ᠢ ᠪᠠᠭᠠᠰᠬᠠᠵᠤ᠂ ᠲᠤᠮᠤ ᠳ᠋ᠠᠶᠢᠲ᠋ᠠ ᠪᠠᠷ ᠶᠠᠳᠠᠭᠤ ᠠᠴᠠ ᠠᠩᠬᠢᠵᠢᠷᠠᠬᠤ ᠶᠢ ᠲᠡᠮᠵᠢᠵᠤ᠂ ᠨᠡᠶᠢᠭᠡᠮ ᠳᠤ ᠦᠢᠯᠡᠴᠢᠯᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠳᠠᠢ︔ ᠬᠠᠷᠢᠯᠴᠠᠨ ᠠᠰᠢᠬᠲᠠᠢ ᠬᠠᠮᠳᠤᠷᠠᠯᠴᠠᠭ᠎ᠠ ᠶᠢ ᠴᠢᠩᠭᠠᠳᠬᠠᠵᠤ᠂ ᠪᠦᠭᠦ ᠪᠦᠮᠪᠤᠷᠴᠡᠭ ᠤᠨ ᠲᠤᠭᠠᠴᠢᠯᠠᠭᠰᠠᠨ ᠠᠵᠤ ᠠᠬᠤᠢ ᠶᠢᠨ ᠭᠦᠭᠵᠢᠯᠳᠠ ᠶᠢ ᠠᠬᠢᠭᠤᠯᠵᠤ᠂ ᠨᠡᠩ ᠤᠯᠠᠨ ᠤᠯᠤᠰ ᠪᠤᠯᠤᠨ ᠠᠷᠠᠳ ᠲᠦᠮᠡᠨ ᠳᠤ ᠲᠤᠮᠤ ᠳ᠋ᠠᠶᠢᠲ᠋ᠠ ᠶᠢᠨ ᠭᠦᠭᠵᠢᠯᠳᠠ ᠶᠢᠨ ᠦᠷ᠎ᠠ ᠪᠦᠳᠤᠭᠡᠯ ᠢ ᠬᠠᠮᠳᠤ ᠪᠠᠷ ᠡᠳ᠋ᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃      ᠸᠠᠩ ᠴᠧᠨ᠂ ᠤᠳᠤᠬᠠᠨ ᠤ ᠲᠡᠯᠡᠬᠡᠢ ᠶᠢᠷᠳᠢᠨᠴᠤ ᠳᠤ ᠭᠠᠭᠴᠠ ᠲᠠᠯᠠᠳᠤ ᠦᠵᠡᠯ᠂ ᠠᠷᠠᠨᠴᠢ ᠦᠵᠡᠯ᠂ ᠠᠷᠠᠯᠵᠢᠶᠠᠨ ᠤ ᠬᠠᠮᠠᠭᠠᠯᠠᠬᠤ ᠦᠵᠡᠯ ᠲᠤᠯᠤᠭᠠᠢ ᠦᠨᠳᠡᠶᠢᠵᠤ ᠪᠠᠶᠢᠨ᠎ᠠ᠂ ᠭᠡᠳᠠᠯ᠎ᠠ ᠰᠤᠯᠢᠯᠴᠠᠭ᠎ᠠ ᠪᠠᠨ ᠭᠦᠨᠵᠡᠭᠡᠶᠢᠷᠡᠭᠦᠯᠵᠤ᠂ ᠬᠠᠮᠳᠤᠷᠠᠯᠴᠠᠭ᠎ᠠ ᠪᠠᠨ ᠴᠢᠩᠭᠠᠳᠬᠠᠬᠤ ᠪᠤᠯ ᠭᠦᠮᠤᠰ ᠤᠨ ᠰᠡᠳᠬᠢᠯ ᠤᠨ ᠬᠠᠨᠳᠤᠰᠢ᠂ ᠬᠠᠷᠢᠯᠴᠠᠨ ᠠᠰᠢᠬᠲᠠᠢ ᠬᠠᠮᠲᠤ ᠪᠠᠷ ᠠᠰᠢᠭ ᠬᠦᠷᠲᠡᠬᠦ᠂ ᠬᠠᠮᠳᠤ ᠪᠠᠷ ᠭᠦᠭᠵᠢᠭᠦ ᠪᠤᠯ ᠴᠠᠭ ᠦᠶ᠎ᠠ ᠶᠢᠨ ᠶᠡᠭᠡ ᠬᠠᠨᠳᠤᠰᠢ ᠪᠤᠯᠵᠤ ᠪᠠᠶᠢᠨ᠎ᠠ᠃ ᠲᠤᠮᠳᠠᠳᠤ ᠤᠯᠤᠰ ᠲᠤᠷᠠᠳᠠᠶ᠎ᠠ ᠲᠡᠯᠡᠭᠡᠢ ᠶᠢᠨ ᠡᠯ᠎ᠠ ᠤᠯᠤᠰ ᠯᠤᠭ᠎ᠠ ᠬᠠᠮᠳᠤ ᠪᠠᠷ ᠲᠤᠭᠠᠴᠢᠯᠠᠭᠰᠠᠨ ᠠᠵᠤ ᠠᠬᠤᠢ ᠶᠢᠨ ᠭᠦᠭᠵᠢᠯᠳᠠ ᠶᠢᠨ ᠠᠵᠠ ᠲᠤᠬᠢᠶᠠᠯ ᠢ ᠬᠠᠮᠳᠤ ᠪᠠᠷ ᠡᠳ᠋ᠯᠡᠵᠤ᠂ ᠡᠯ᠎ᠠ ᠵᠦᠢᠯ ᠤᠨ ᠦᠷᠢᠰᠤᠯᠳᠤᠭᠡᠨ ᠢ ᠬᠠᠮᠳᠤ ᠪᠠᠷ ᠠᠷᠭᠠᠴᠠᠭᠠᠵᠤ᠂ ᠲᠤᠮᠤ ᠳ᠋ᠠᠶᠢᠲ᠋ᠠ ᠶᠢᠨ ᠭᠦᠭᠵᠢᠯᠳᠠ ᠶᠢ ᠬᠠᠮᠳᠤ ᠪᠠᠷ ᠠᠬᠢᠭᠤᠯᠵᠤ᠂ ᠰᠠᠶᠢᠨ ᠰᠠᠶᠢᠬᠠᠨ ᠲᠤᠭᠠᠴᠢᠯᠠᠭᠰᠠᠨ ᠢᠷᠡᠭᠡᠳᠤᠢ ᠶᠢ ᠬᠠᠮᠳᠤ ᠪᠠᠷ ᠡᠭᠦᠳᠴᠤ᠂ ᠬᠦᠮᠦᠨ ᠳᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠦᠳᠦᠭᠡᠨ ᠪᠠᠶᠢᠭᠤᠯᠬᠤ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠤᠨ᠎ᠠ ᠭᠡᠵᠤ ᠴᠢᠬᠤᠯᠠᠴᠢᠯᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号