| | | | | ᠮᠠᠯᠴᠢᠨ ᠲᠠᠷᠢᠶᠠᠴᠢᠳ ᠤᠨ ᠲᠡᠵᠢᠭᠡᠨ ᠦᠷᠡᠵᠢᠭᠦᠯᠬᠦ ᠢᠳᠡᠪᠬᠢᠵᠢᠯ ᠢ ᠲᠠᠶᠢᠴᠢᠯᠠᠬᠤ ᠶᠢᠨ ᠬᠠᠮᠳᠤ ᠮᠠᠨᠯᠴᠢᠨ | ᠲᠠᠷᠢᠶᠠᠴᠢᠨ ᠳᠤ ᠲᠡᠵᠢᠭᠡᠨ ᠦᠷᠡᠵᠢᠬᠦᠯᠬᠦ ᠲᠤᠷᠰᠢᠯᠭ᠎ᠠ ᠰᠤᠯᠢᠯᠴᠠᠬᠤ ᠲᠠᠪᠴᠠᠩ ᠬᠠᠩᠭᠠᠵᠤ ᠮᠠᠯᠴᠢᠨ ᠲᠠᠷᠢᠶᠠᠴᠢᠨ ᠤ | ᠤᠷᠤᠯᠭ᠎ᠠ ᠶᠢ ᠨᠡᠮᠡᠭᠳᠡᠭᠦᠯᠦᠨ ᠤᠷᠳᠤᠰ ᠨᠠᠷᠢᠨ ᠨᠤᠤᠰᠤᠲᠤ ᠬᠤᠨᠢᠨ ᠤ ᠠᠵᠤ ᠥᠢᠯᠠᠰ ᠤᠨ ᠡᠷᠡᠭᠦᠯ ᠭᠥᠭᠵᠢᠯᠳᠠ ᠶᠢ | ᠪᠠᠳᠤᠯᠠᠬᠤ ᠶᠢᠨ ᠲᠦᠯᠦᠭᠡ 5 ᠰᠠᠷ᠎ᠠ ᠶᠢᠨ 28 ᠤ ᠡᠳᠦᠷ ᠭᠠᠯᠠᠭᠤᠲᠤ ᠪᠠᠯᠭᠠᠰᠤᠨ ᠤ ᠰᠠᠷᠠᠭᠤᠯᠨᠤᠲᠤᠭ ᠭᠠᠴᠠᠭ᠎ᠠ | ᠠᠩᠬᠠᠳᠤᠭᠠᠷ ᠤᠳᠠᠭᠠᠨ ᠤ ᠨᠠᠷᠢᠨ ᠨᠤᠤᠰᠤᠲᠤ ᠬᠤᠨᠢᠨ ᠤ ᠴᠢᠨᠠᠷ ᠴᠢᠨᠰᠠᠭ᠎ᠠ ᠶᠢᠨ ᠬᠢᠨᠠᠨ ᠰᠢᠯᠭᠠᠷᠠᠭᠤᠯᠤᠯᠲᠠ ᠶᠢᠨ | ᠤᠷᠤᠯᠳᠤᠭᠠᠨ ᠢ ᠶᠠᠪᠤᠭᠳᠠᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠬᠤᠰᠢᠭᠤ | ᠲᠠᠷᠤᠭ᠎ᠠ ᠵᠤᠤ ᠹᠧᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ | ᠲᠡᠷᠤᠭ᠎ᠠ ᠹᠧᠩ ᡁᠢ ᠮᠢᠩ ᠪᠤᠯᠤᠨ ᠭᠠᠯᠠᠭᠤᠲᠤ ᠪᠠᠯᠭᠠᠰᠤ᠂ ᠰᠠᠷᠠᠭᠤᠯᠨᠤᠲᠤᠭ ᠭᠠᠴᠠᠭ᠎ᠠ ᠵᠢᠴᠢ ᠬᠤᠰᠢᠭᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠵᠠᠰᠠᠭ ᠤᠨ ᠤᠷᠳᠤᠨ ᠤ ᠠᠯᠪᠠᠨ ᠭᠡᠷ᠂ ᠲᠠᠷᠢᠶᠠᠯᠠᠩ | ᠮᠠᠯ ᠠᠵᠤ ᠠᠬᠤᠢ ᠶᠢᠨ ᠲᠤᠪᠴᠢᠶ᠎ᠠ᠂ ᠲᠤᠮᠳᠠᠲᠤ ᠤᠯᠤᠰ ᠤᠨ ᠴᠢᠯᠠᠭᠤᠨ ᠲᠤᠰᠤᠨ ᠤ ᠪᠦᠯᠦᠭᠯᠡᠯ ᠤᠨ ᠴᠤᠸᠠᠨ ᠴᠢᠩ | ᠬᠠᠶᠢᠨ ᠰᠢᠨᠵᠢᠯᠡᠬᠦ ᠢᠨᠵᠧᠨᠧᠷᠢᠩ ᠤᠨ ᠬᠢᠵᠠᠭᠠᠷᠲᠤ ᠺᠤᠮᠫᠠᠨᠢ ᠤᠷᠳᠤᠰ ᠤᠨ ᠤᠤ ᠾᠧᠩ ᠨᠠᠷᠢᠨ ᠨᠤᠤᠰᠤᠲᠤ | ᠬᠤᠨᠢᠨ ᠤ ᠥᠢᠯᠡᠰ ᠤᠨ ᠬᠢᠵᠠᠭᠠᠷᠲᠤ ᠺᠤᠮᠫᠠᠨᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃ | | | | | | | | | | ᠲᠤᠰ ᠣᠳᠠᠭᠠᠨ ᠤ ᠨᠠᠷᠢᠨ ᠨᠤᠤᠰᠤᠲᠤ ᠬᠤᠨᠢᠨ ᠤ ᠬᠢᠨᠠᠨ ᠰᠢᠯᠭᠠᠷᠠᠭᠤᠯᠤᠯᠲᠠ ᠶᠢᠨ ᠤᠷᠤᠯᠳᠤᠭᠠᠨ ᠳᠤ | ᠰᠠᠷᠠᠭᠤᠯᠨᠤᠲᠤᠭ ᠭᠠᠴᠠᠭᠠᠨ ᠤ ᠲᠤᠯᠤᠭᠠᠨ ᠮᠠᠯᠵᠢᠯ ᠤᠨ ᠬᠤᠷᠰᠢᠶᠠᠨ ᠤ 35 ᠮᠠᠯᠴᠢᠨ ᠡᠷᠦᠬᠡ ᠤᠷᠤᠯᠴᠠᠵᠤ ᠤᠶᠢᠷ᠎ᠠ | ᠬᠠᠪᠢ ᠠᠴᠠ ᠢᠷᠡᠭᠰᠡᠨ 200 ᠭᠠᠷᠤᠢ ᠮᠠᠯᠴᠢᠳ ᠤᠨ ᠠᠩᠬᠠᠷᠤᠯ ᠢ ᠲᠠᠲᠠᠯ᠎ᠠ᠃ ᠬᠤᠨᠢ ᠬᠠᠶᠢᠴᠢᠯᠠᠬᠤ ᠤᠷᠤᠯᠳᠤᠭᠠᠨ | ᠤ ᠠᠬᠤᠢ ᠲᠠᠯᠠᠪᠠᠢ ᠶᠡᠭᠡ ᠬᠦᠷ ᠬᠦᠭᠵᠢᠶᠡᠨᠲᠡᠢ ᠪᠠᠶᠢᠵᠤ ᠤᠷᠤᠯᠳᠤᠭᠠᠨ ᠢ ᠦᠬᠢᠨ ᠰᠢᠳᠦᠯᠡᠩ ᠬᠤᠨᠢ᠂ ᠨᠠᠰᠤ | ᠭᠦᠢᠴᠡᠭᠰᠡᠨ ᠡᠮ᠎ᠡ ᠬᠤᠨᠢ᠂ ᠬᠤᠴᠠ ᠵᠡᠷᠭᠡ ᠭᠤᠷᠪᠠᠨ ᠲᠤᠭᠤᠶᠢᠯᠠᠩ ᠬᠤᠪᠢᠶᠠᠨ ᠶᠠᠪᠤᠭᠳᠠᠭᠤᠯᠵᠤ ᠬᠤᠨᠢᠨ ᠤ ᠪᠡᠶ᠎ᠡ | ᠪᠢᠯᠳᠠᠷ᠂ ᠤᠨᠴᠠᠯᠢᠭ᠂ ᠠᠬᠠᠷ ᠤᠨ ᠨᠢᠭᠲᠠᠴᠠ᠂ ᠨᠠᠷᠢᠨ ᠤ ᠬᠡᠮᠵᠢᠶ᠎ᠡ᠂ ᠬᠠᠶᠢᠴᠢᠯᠠᠭᠰᠠᠨ ᠤ ᠰᠡᠭᠦᠯᠡᠷᠬᠢ ᠪᠡᠶ᠎ᠡ ᠶᠢᠨ | ᠬᠦᠨᠳᠦ᠂ ᠬᠤᠨᠢᠨ ᠨᠤᠤᠰᠤᠨ ᠤ ᠶᠡᠷᠦᠩᠬᠡᠶᠢᠯᠡᠭᠰᠡᠨ ᠴᠢᠨᠠᠷ ᠴᠢᠨᠰᠠᠭ᠎ᠠ ᠵᠡᠷᠭᠡ ᠳᠤ ᠬᠢᠨᠠᠨ ᠰᠢᠯᠭᠠᠷᠠᠭᠤᠯᠤᠯᠳᠠ ᠭᠢᠭᠦ | ᠪᠠᠷ ᠲᠠᠮᠵᠢᠵᠤ ᠲᠤᠭᠤᠶᠢᠯᠠᠩ ᠪᠦᠷᠢ ᠶᠢᠨ ᠤᠨᠴᠠ ᠲᠡᠰ᠂ ᠨᠢᠭᠡᠳᠤᠭᠡᠷ᠂ ᠬᠤᠶᠠᠳᠤᠭᠠᠷ᠂ ᠭᠤᠳᠠᠭᠠᠷ ᠲᠡᠰ ᠢ ᠲᠤᠰ | ᠲᠤᠰ ᠱᠠᠩᠨᠠᠨ ᠭᠦᠬᠢᠬᠦᠯᠦᠭᠰᠡᠨ ᠪᠠᠶᠢᠨ᠎ᠠ᠃ | | | | | | | | | | ᠠᠵᠢᠯᠯᠠᠭ᠎ᠠ ᠳᠤ ᠰᠠᠷᠠᠭᠤᠯᠨᠤᠲᠤᠭ ᠭᠠᠴᠠᠭᠠᠨ ᠤ ᠨᠠᠮ ᠤᠨ ᠭᠡᠰᠢᠭᠦᠨ ᠪᠠᠯᠳᠤᠷᠵᠢ ᠦᠪᠡᠷ ᠤᠨ ᠮᠦᠩᠬᠦ ᠪᠠᠷ | ᠢᠶᠠᠨ ᠰᠠᠷᠠᠭᠤᠯᠨᠤᠲᠤᠭ ᠭᠠᠴᠠᠭᠠᠨ ᠤ ᠨᠠᠷᠢᠨ ᠨᠤᠤᠰᠤᠲᠤ ᠬᠤᠨᠢᠨ ᠤ ᠡᠭᠦᠯᠳᠡᠷ ᠰᠠᠶᠢᠵᠢᠷᠠᠭᠤᠯᠵᠤ ᠴᠢᠨᠠᠷ ᠴᠢᠨᠰᠠᠭ᠎ᠠ | ᠶᠢ ᠪᠠᠲᠤᠯᠠᠭᠰᠠᠨ 14 ᠬᠠᠰᠢᠷ ᠮᠠᠯᠴᠢᠨ ᠳᠤ ᠵᠤᠷᠢᠭᠵᠢᠭᠤᠯᠤᠯ ᠤᠨ ᠱᠠᠩᠨᠠᠯ ᠭᠠᠷᠳᠠᠭᠤᠯᠤᠭᠰᠠᠨ ᠪᠠᠶᠢᠨ᠎ᠠ᠃ | ᠵᠤᠤ ᠹᠧᠢ ᠯᠤ᠋ ᠴᠢᠬᠤᠯᠠᠴᠢᠯᠠᠬᠤ ᠳᠠᠭᠠᠨ᠂ ᠤᠷᠳᠤᠰ ᠨᠠᠷᠢᠨ ᠨᠤᠤᠰᠤᠲᠤ ᠬᠤᠨᠢ ᠪᠤᠯ ᠦᠥᠰᠢᠨ ᠬᠤᠰᠢᠭᠤᠨ | ᠤ ᠤᠨᠴᠠᠯᠢᠭᠲᠤ ᠨᠡᠷᠡᠲᠦ ᠲᠠᠮᠳᠡᠭ ᠮᠦᠨ᠂ ᠨᠠᠷᠢᠨ ᠨᠤᠤᠰᠤᠲᠤ ᠬᠤᠨᠢ ᠶᠢᠨ ᠲᠦᠷᠦᠯ ᠵᠦᠢᠯ ᠢ ᠰᠤᠩᠭᠤᠨ | ᠦᠷᠡᠵᠢᠭᠦᠯᠬᠦ ᠠᠵᠢᠯ ᠢ ᠡᠷᠬᠡᠪᠰᠢ ᠰᠠᠶᠢᠲᠤᠷ ᠬᠢᠵᠦ ᠨᠠᠷᠢᠨ ᠨᠤᠤᠰᠤᠲᠤ ᠬᠤᠨᠢᠨ ᠤ ᠡᠭᠦᠯᠳᠡᠷ ᠰᠠᠶᠢᠵᠢᠷᠠᠭᠤᠯᠬᠤ ᠠᠵᠢᠯ | ᠢ ᠯᠠᠪᠳᠠᠭᠤᠨ ᠠᠬᠢᠭᠤᠯᠵᠤ ᠨᠠᠷᠢᠨ ᠨᠤᠤᠰᠤᠲᠤ ᠬᠤᠨᠢᠨ ᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠬᠡᠷᠡᠭᠲᠡᠢ᠃ | ᠤᠬᠠᠭᠤᠯᠭ᠎ᠠ ᠲᠠᠭᠠᠭᠤᠯᠭ᠎ᠠ ᠶᠢᠨ ᠭᠦᠴᠦᠯᠡᠴᠡ ᠪᠠᠨ ᠨᠡᠮᠡᠭᠳᠡᠭᠦᠯᠵᠦ ᠨᠡᠩ ᠤᠯᠠᠨ ᠮᠠᠯᠴᠢᠨ ᠲᠠᠷᠢᠶᠠᠴᠢᠨ ᠢ ᠨᠠᠷᠢᠨ | ᠨᠤᠤᠰᠤᠲᠤ ᠬᠤᠨᠢ ᠶᠢ ᠲᠡᠵᠢᠭᠡᠨ ᠦᠷᠡᠵᠢᠭᠦᠯᠬᠦ ᠦᠢᠯᠡᠰ ᠲᠤ ᠤᠷᠤᠯᠴᠠᠭᠤᠯᠤᠨ ᠦᠪᠡᠷ ᠤᠨ ᠢᠶᠠᠨ ᠨᠡᠷᠡᠲᠦ ᠲᠠᠮᠳᠡᠭ ᠢ | ᠡᠭᠦᠳᠴᠤ ᠨᠠᠷᠢᠨ ᠨᠤᠤᠰᠤᠲᠤ ᠬᠤᠨᠢᠨ ᠤ ᠠᠵᠤ ᠥᠢᠯᠠᠰᠵᠢᠭᠦᠯᠥᠯᠳᠠ ᠶᠢᠨ ᠬᠦᠭᠵᠢᠯᠲᠡ ᠶᠢ ᠠᠬᠢᠭᠤᠯᠵᠤ ᠲᠡᠵᠢᠭᠡᠨ | ᠦᠷᠡᠵᠢᠬᠦᠯᠬᠦ ᠦᠷ᠎ᠡ ᠠᠰᠢᠭ ᠢ ᠬᠠᠮᠤᠭ ᠶᠡᠭᠡ ᠬᠡᠮᠵᠢᠶ᠎ᠡ ᠪᠠᠷ ᠬᠦᠷᠲᠡᠬᠦ ᠶᠢ ᠪᠡᠶᠡᠯᠡᠬᠦᠯᠦᠨ ᠬᠦᠳᠡᠭᠡ ᠲᠤᠰᠬᠤᠨ ᠢ | ᠭᠥᠭᠵᠢᠭᠦᠯᠤᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ | ᠬᠦᠴᠦᠨ ᠢᠶᠠᠨ ᠨᠡᠮᠡᠷᠢᠯᠡᠬᠦ ᠬᠡᠷᠡᠭᠲᠡᠢ ᠬᠡᠪᠡ᠃ | | | | | | | | | |