ᠵᠢᠷᠭᠤᠭᠠᠨ ᠰᠠᠷ᠎ᠠ ᠶᠢᠨ ᠨᠢᠭᠡᠨ ᠤ ᠪᠠᠭᠠᠴᠣᠣᠨ ᠬᠡᠥᠬᠡᠳ ᠤᠨ ᠪᠠᠶᠠᠷ ᠬᠦᠷᠴᠣ ᠢᠷᠡᠬᠦ ᠪᠠᠷ ᠮᠠᠯᠴᠢᠨ ᠵᠢᠷᠣᠭᠴᠢᠨ | ᠱᠣᠸᠠᠩ ᠰᠢ ᠦᠪᠡᠷ ᠤᠨ ᠡᠬᠡ ᠰᠣᠷᠭᠠᠭᠤᠯᠢ ᠪᠣᠯᠬᠤ ᠦᠣᠰᠢᠨᠵᠣᠣ ᠬᠡᠥᠭᠡᠳ ᠤᠨ ᠴᠡᠴᠡᠷᠯᠢᠭ ᠲᠤ ᠠᠩᠬᠠᠳᠤᠭᠠᠷ ᠤᠳᠠᠭᠠᠨ | ᠤ ︽ᠬᠠᠶᠢᠷ᠎ᠠ ᠶᠢᠨ ᠦᠯᠦᠭᠡᠢ︾ ᠨᠡᠷᠡᠮᠵᠢᠲᠤ ᠠᠭᠤᠳᠠᠮ ᠲᠠᠯᠠᠪᠠᠢ ᠶᠢᠨ ᠣᠷᠠᠨ ᠵᠢᠷᠤᠭ ᠤᠨ ᠤᠷᠤᠯᠳᠤᠭᠠᠨ ᠦᠷᠨᠢᠬᠦᠯᠵᠣ | ᠬᠡᠥᠬᠡᠳ ᠪᠠᠭᠠᠴᠤᠳ ᠲᠤ ᠪᠠᠶᠠᠷ ᠤᠨ ᠡᠳᠣᠷ ᠢ ᠨᠢ ᠤᠳᠬ᠎ᠠ ᠠᠭᠤᠯᠭ᠎ᠠ ᠲᠠᠢ ᠲᠡᠮᠲᠡᠭᠯᠡᠵᠦ ᠦᠭᠭᠦᠭᠰᠡᠨ ᠪᠠᠶᠢᠨ᠎ᠠ᠃ | ᠦᠣᠰᠢᠨᠵᠣᠣ ᠪᠠᠯᠭᠠᠰᠣᠨ ᠤ ᠦᠥᠰᠢᠨᠵᠤᠤ ᠭᠠᠴᠠᠭᠠᠨ ᠤ ᠨᠦᠭᠡᠨᠰᠦ᠋ᠮᠡ ᠮᠠᠯᠵᠢᠯ ᠤᠨ ᠬᠤᠷᠰᠢᠶᠠᠨ ᠤ ᠮᠠᠯᠴᠢᠨ | ᠵᠢᠷᠣᠭᠴᠢᠨ ᠱᠤᠸᠠᠩ ᠰᠢ ᠤᠤᠯ ᠤᠨ ᠦᠥᠰᠢᠨᠵᠤᠤ ᠪᠠᠭ᠎ᠠ ᠰᠤᠷᠭᠠᠭᠤᠯᠢ ᠠᠴᠠ ᠲᠡᠭᠦᠰᠴᠤ ᠬᠠᠷᠠᠬᠠᠨ ᠪᠠᠭ᠎ᠠ ᠠᠴᠠ ᠪᠠᠨ | ᠤᠷᠠᠨ ᠵᠢᠷᠤᠭ ᠲᠤ ᠪᠠᠭ᠋ᠠᠲᠠᠢ ᠪᠠᠶᠢᠳᠠᠭ ᠠᠴᠠ ᠡᠨ᠋ᠨ ᠡᠳᠣᠷ ᠡᠬᠡ ᠰᠤᠷᠭᠠᠭᠤᠯᠢ ᠳᠤ ᠪᠠᠨ ᠴᠡᠴᠡᠷᠯᠢᠭ ᠪᠣᠯᠣᠨ ᠪᠠᠭ᠎ᠠ | ᠰᠤᠷᠭᠠᠭᠤᠯᠢ ᠶᠢᠨ ᠲᠤᠭᠤᠶᠢᠯᠠᠩ ᠬᠤᠪᠢᠶᠠᠭᠰᠠᠨ ᠣᠷᠣᠯᠳᠣᠭᠠᠨ ᠦᠷᠨᠢᠬᠦᠯᠵᠣ ᠪᠠᠭᠠᠴᠣᠣᠨ ᠭᠡᠣᠭᠡᠣᠨ ᠤᠳ ᠬᠠᠮᠤᠭ ᠤᠨ | ᠬᠦᠰᠡᠨ ᠮᠦᠷᠣᠭᠡᠳᠣᠭ᠍ᠰᠡᠨ ᠪᠠᠶᠠᠷ ᠤᠨ ᠡᠳᠣᠷ ᠢᠶᠠᠨ ᠡᠯ᠎ᠡ ᠵᠦᠢᠯ ᠤᠨ ᠤᠷᠠᠨ ᠵᠢᠷᠤᠭ ᠢᠶᠠᠷ ᠢᠯᠡᠳᠭᠡᠨ ᠭᠠᠷᠭᠠᠯ᠎ᠠ᠃ | ᠤᠷᠤᠯᠳᠤᠭᠠᠨ ᠳᠤ ᠰᠣᠷᠣᠭᠴᠢᠳ ᠡᠬᠡ ᠤᠯᠤᠰ᠂ ᠠᠪᠤ ᠡᠵᠢ᠂ ᠡᠬᠡ ᠰᠤᠷᠭᠠᠭᠤᠯᠢ ᠪᠠᠨ ᠣᠷᠡᠨ ᠵᠢᠷᠤᠭ ᠤᠨ ᠬᠡᠯᠪᠡᠷᠢ | ᠪᠠᠨ ᠵᠢᠷᠣᠭᠯᠡᠨ ᠮᠠᠭᠳᠠᠵᠣ ᠳᠣᠰ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠤ ᠰᠤᠷᠤᠭᠴᠢ | ᠴᠢᠨᠡᠭᠡᠯᠢᠭ ᠡᠨ᠋ᠨ ᠤᠳᠠᠭᠠᠨ ᠤ ᠤᠷᠤᠯᠳᠤᠭᠠᠨ ᠳᠤ ᠦᠪᠡᠷ ᠤᠨ ᠪᠣᠳᠣᠵᠣ ᠰᠠᠨᠠᠭᠰᠠᠨ ᠵᠣᠶᠢᠯ ᠢᠶᠠᠨ ᠬᠢᠨᠠᠮᠠᠭᠠᠢ ᠵᠢᠷᠣᠭᠯᠠᠵᠣ | ᠲᠡᠷᠢᠭᠦᠨ ᠱᠠᠩᠨᠠᠯ ᠬᠦᠷᠳᠡᠭᠰᠡᠨ ᠪᠠᠶᠢᠨ᠎ᠠ᠃ | ᠮᠠᠯᠴᠢᠨ ᠵᠢᠷᠣᠭᠴᠢᠨ ᠱᠤᠸᠠᠩ ᠰᠢ ᠦᠪᠡᠷ ᠤᠨ ᠣᠷᠠᠨ ᠵᠢᠷᠤᠭ ᠤᠨ ᠳᠣᠷ᠎ᠠ ᠪᠠᠬ᠎ᠠ ᠪᠠᠨ ᠪᠡᠷᠢᠮᠳᠡᠯᠠᠵᠣ ᠪᠠᠶᠢᠭ᠎ᠠ | ᠵᠣᠷᠢᠭ ᠰᠠᠨᠠᠭ᠎ᠠ ᠪᠠᠨ ᠦᠨᠳᠣᠰᠣᠨ ᠱᠠᠳᠣᠨ ᠤᠨ ᠰᠣᠷᠭᠠᠭᠤᠯᠢ ᠶᠢᠨ ᠪᠠᠭᠠᠴᠣᠣᠨ ᠭᠡᠣᠭᠡᠳ ᠲᠤ ᠣᠯᠠᠮᠵᠢᠯᠠᠵᠣ ᠳᠠᠭᠤᠷᠢᠶᠠᠯ | ᠦᠵᠡᠬᠦᠯᠦᠯ᠎ᠡ᠃ ︽ᠮᠠᠨ ᠤ ᠦᠥᠰᠢᠨᠵᠤᠤ ᠳᠤ ᠠᠪᠴᠤ ᠬᠡᠯᠡᠪᠡᠯ ᠦᠤᠰᠢᠨᠵᠤᠤ ᠪᠠᠭ᠎ᠠ ᠰᠤᠷᠭᠠᠭᠤᠯᠢ ᠨᠢ ᠴᠤᠷ ᠤᠨ ᠭᠠᠭᠴᠠ | ᠮᠤᠩᠭᠤᠯ ᠰᠤᠶᠤᠯ ᠤᠨ ᠦᠯᠦᠭᠡᠢ ᠪᠤᠯᠤᠭᠰᠠᠨ ᠬᠤᠪᠢ ᠳᠤ ᠵᠢᠭᠠᠬᠠᠨ ᠬᠠᠮ ᠲᠡᠮ ᠪᠤᠯᠬᠤ ᠶᠤᠮ ᠤᠤ ᠡᠰᠡᠭᠦᠯ᠎ᠡ ᠵᠢᠭᠠᠬᠠᠨ | ᠵᠢᠷᠤᠭ ᠤᠨ ᠲᠠᠯ᠎ᠠ ᠪᠠᠷ ᠵᠤᠷᠢᠭᠵᠢᠭᠤᠯᠤᠯ ᠪᠤᠯᠬᠤ ᠶᠤᠮ ᠤᠤ ᠭᠡᠵᠤ ᠪᠤᠳᠤᠭᠠᠳ ᠲᠤᠰ ᠤᠷᠤᠯᠳᠤᠭᠠᠨ ᠢ ᠡᠷᠬᠢᠯᠡᠵᠦ ᠬᠢᠯ᠎ᠡ︾ | ᠭᠡᠵᠤ ᠱᠤᠸᠠᠩ ᠰᠢ ᠪᠤᠳᠤᠯ ᠢᠶᠠᠨ ᠶᠠᠷᠢᠵᠤ ᠪᠠᠶᠢᠯ᠎ᠠ᠃ |