ᠲᠠᠷᠢᠶᠠᠯᠠᠩ ᠤᠨ ᠬᠡᠷᠡᠭᠯᠡᠭᠡᠨ ᠤ ᠵᠦᠢᠯ ᠤᠨ ᠦᠨᠡᠨ ᠬᠤᠳᠠᠯ ᠢ ᠢᠯᠭᠠᠨ ᠲᠠᠨᠢᠬᠤ ᠠᠷᠭ᠎ᠠ
ᠨᠡᠶᠢᠲᠡᠯᠡᠭᠰᠡᠨ ᠴᠠᠭ᠄
2019-05-06
     ᠲᠠᠷᠢᠶᠠᠨ ᠦᠷ᠎ᠠ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠬᠡᠷᠡᠭᠯᠡᠭᠡᠨ ᠤ ᠵᠥᠢᠯ ᠬᠤᠳᠠᠯᠳᠤᠨ ᠠᠪᠬᠤ ᠳᠠᠭᠠᠨ ᠤᠢᠢᠯᠡᠳᠪᠤᠷᠢᠯᠠᠯ᠂ ᠡᠵᠡᠩᠨᠡᠯᠳᠠ ᠶᠢᠨ ᠵᠦᠪᠰᠢᠶᠠᠷᠠᠯ ᠤᠨ ᠦᠨᠡᠮᠯᠠᠯ᠂ ᠬᠢᠵᠢᠭ ᠪᠠᠶᠢᠴᠠᠭᠠᠭᠰᠠᠨ ᠦᠨᠡᠮᠯᠠᠯ ᠤᠨ ᠨᠤᠮᠧᠷ᠂ ᠴᠠᠪᠠᠷ ᠠᠭᠤᠯᠤᠭᠳᠠᠴᠠ᠂ ᠤᠢᠢᠯᠡᠳᠪᠤᠷᠢᠯᠡᠭᠰᠡᠨ ᠡᠳᠦᠷ ᠬᠤᠭᠤᠴᠠᠭ᠎ᠠ᠂ ᠶᠠᠰᠤ ᠴᠢᠨᠠᠷ ᠤᠨ ᠭᠦᠢᠴᠡᠳᠭᠡᠯ ᠲᠤᠭ᠎ᠠ᠂ ᠤᠢᠢᠯᠡᠳᠪᠤᠷᠢᠯᠡᠭᠰᠡᠨ ᠭᠠᠵᠠᠷ ᠪᠤᠯᠤᠨ ᠬᠠᠷᠢᠯᠴᠠᠬᠤ ᠠᠷᠭ᠎ᠠ ᠭᠡᠮᠵᠢᠶ᠎ᠠ ᠵᠡᠷᠭᠡ ᠮᠡᠳᠡᠭᠡ ᠵᠠᠩᠬᠢ ᠶᠢ ᠲᠤᠳᠤᠷᠬᠠᠢᠢᠯᠠᠭᠰᠠᠨ ᠲᠠᠷᠢᠶᠠᠨ ᠦᠷ᠎ᠠ ᠶᠢ ᠬᠤᠳᠠᠯᠳᠤᠨ ᠠᠪᠬᠤ ᠭᠡᠷᠡᠭᠳᠡᠢ᠃ ᠵᠢᠩᠬᠢᠨᠢ ᠤᠢᠢᠯᠡᠳᠪᠤᠷᠢ ᠶᠢᠨ ᠤᠢᠢᠯᠡᠳᠪᠤᠷᠢᠯᠡᠭᠰᠡᠨ ᠬᠢᠮᠢ ᠶᠢᠨ ᠪᠤᠷᠳᠤᠭᠤᠷ ᠪᠤᠯ ᠡᠩ ᠤᠨ ᠪᠠᠶᠢᠳᠠᠯ ᠲᠤᠤᠷ᠎ᠠ ᠤᠢᠢᠯᠡᠳᠪᠤᠷᠢᠯᠠᠭᠦ ᠶᠢ ᠵᠦᠪᠰᠢᠶᠠᠷᠡᠭᠰᠡᠨ ᠦᠨᠡᠮᠯᠠᠯ᠂ ᠲᠠᠸᠠᠷ ᠤᠨ ᠲᠠᠮᠳᠡᠭ᠂ ᠭᠡᠷᠡᠭᠵᠢᠭᠦᠯᠭᠦ ᠪᠠᠷᠢᠮᠵᠢᠶ᠎ᠠ᠂ ᠲᠠᠩᠰᠡᠯᠠᠭᠰᠠᠨ ᠵᠦᠪᠰᠢᠶᠠᠷᠠᠯ ᠤᠨ ᠦᠨᠠᠮᠯᠠᠯ᠂ ᠤᠢᠢᠯᠡᠳᠭᠦᠨ ᠤ ᠨᠠᠷᠠᠶᠢᠳᠦᠯ᠂ ᠰᠢᠮ᠎ᠠ ᠲᠠᠵᠢᠭᠡᠯ ᠤᠨ ᠠᠭᠤᠯᠤᠬᠳᠠᠴᠡ᠂ ᠴᠠᠪᠠᠷ ᠭᠦᠨᠳᠤ᠂ ᠤᠢᠢᠯᠡᠳᠪᠤᠷᠢ ᠶᠢᠨ ᠨᠠᠷ᠎ᠠ᠂ ᠤᠢᠢᠯᠡᠳᠪᠤᠷᠢ ᠶᠢᠨ ᠬᠠᠶ᠋ᠢᠬ ᠵᠡᠷᠭᠡ ᠠᠭᠤᠯᠭ᠎ᠠ ᠲᠠᠢ ᠪᠠᠶᠢᠳᠠᠭ᠂ ᠬᠤᠳᠠᠯ ᠬᠠᠭᠤᠷᠮᠠᠭ ᠬᠢᠮᠢ ᠶᠢᠨ ᠪᠤᠷᠳᠤᠭᠤᠷ ᠤᠨ ᠪᠤᠭᠤᠳᠠᠯ ᠨᠢ ᠪᠦᠳᠦᠭᠦᠯᠢᠭ ᠪᠦᠭᠡᠳ ᠮᠡᠳᠡᠭᠡ ᠵᠠᠩᠬᠢ᠂ ᠲᠠᠮᠳᠡᠭ ᠨᠢ ᠭᠦᠢᠴᠡᠳ ᠪᠤᠰᠤ ᠪᠠᠶᠢᠳᠠᠭ᠃ ᠡᠭᠦᠨ ᠠᠴᠠ ᠭᠠᠳᠠᠨ᠎ᠠ᠂ ᠦᠡᠭᠭᠡ ᠶᠢ ᠨᠢ ᠦᠵᠡᠵᠤ ᠪᠠᠶᠢᠭᠠᠳ ᠬᠢᠮᠢ ᠶᠢᠨ ᠪᠤᠷᠳᠤᠭᠤᠷ ᠤᠨ ᠦᠨᠠᠨ ᠬᠤᠳᠠᠯ ᠢ ᠢᠯᠭᠠᠵᠤ ᠪᠤᠯᠤᠨ᠎ᠠ᠄ ᠠᠽᠤᠲ ᠪᠤᠷᠳᠤᠭᠤᠷ ᠪᠤᠯᠤᠨ ᠴᠤᠬᠤᠢ ᠶᠢᠨ ᠠᠽᠤᠲ ᠠᠴᠠ ᠭᠠᠳᠠᠨ᠎ᠠ ᠪᠤᠰᠤᠳ ᠨᠢ ᠪᠦᠷ ᠴᠠᠭᠠᠨ ᠦᠡᠭᠭᠡ ᠲᠠᠢ ᠪᠠᠶᠢᠳᠠᠭ᠂ ᠵᠠᠷᠢᠮ ᠨᠢ ᠰᠢᠷ᠎ᠠ ᠭᠦᠷᠠᠩ ᠦᠡᠭᠭᠡᠳᠠᠢ ᠪᠤᠶᠤ ᠭᠦᠶᠤᠭᠡᠨ ᠦᠡᠭᠭᠡᠳᠠᠢ ᠪᠠᠶᠢᠵᠤ᠂ ᠺᠠᠯᠢᠳᠤ ᠪᠤᠷᠳᠤᠭᠤᠷ ᠨᠢ ᠴᠠᠭᠠᠨ ᠦᠡᠭᠭᠡᠳᠡᠢ ᠪᠤᠶᠤ ᠤᠯᠠᠭᠠᠨ ᠦᠡᠭᠭᠡᠳᠡᠢ᠂ ᠹᠤᠰᠹᠤᠷ ᠪᠤᠷᠳᠤᠭᠤᠷ ᠤᠨ ᠤᠯᠠᠩᠬᠢ ᠨᠢ ᠦᠨᠡᠰᠤᠨ ᠦᠡᠭᠭᠡᠳᠡᠢ ᠪᠠᠶᠢᠳᠠᠭ᠃      ᠲᠠᠷᠢᠶᠠᠴᠢᠳ ᠲᠠᠷᠢᠶᠠᠨ ᠦᠷ᠎ᠠ ᠬᠤᠳᠠᠯᠳᠤᠨ ᠠᠪᠬᠤ ᠳᠠᠭᠠᠨ ᠦᠢᠯᠡᠳᠭᠦᠨ ᠤ ᠲᠠᠮᠳᠡᠭ ᠢ ᠦᠵᠡᠭᠦ ᠭᠡᠷᠡᠭᠳᠡᠢ᠃ ᠤᠯᠤᠰ ᠤᠨ ᠲᠠᠷᠢᠶᠠᠨ ᠡᠮ ᠢ ᠲᠠᠩᠰᠠᠯᠠᠬᠤ ᠶᠢ ᠬᠠᠮᠢᠶᠠᠷᠬᠤ ᠰᠠᠯᠠᠭ᠎ᠠ ᠮᠦᠴᠢᠷ ᠲᠠᠷᠢᠶᠠᠨ ᠡᠮ ᠤᠨ ᠤᠢᠢᠯᠡᠳᠭᠦᠨ ᠤ ᠲᠠᠮᠳᠡᠭ ᠲᠤ ᠲᠤᠳᠤᠷᠬᠠᠢ ᠲᠤᠭᠳᠠᠭᠠᠯ ᠲᠠᠢ ᠪᠠᠶᠢᠳᠠᠭ᠃ ᠪᠦᠷᠢᠨ ᠪᠦᠳᠦᠨ ᠲᠠᠷᠢᠶᠠᠨ ᠡᠮ ᠤᠨ ᠤᠢᠢᠯᠡᠳᠭᠦᠨ ᠤ ᠲᠡᠮᠳᠡᠭ ᠪᠤᠯ ᠲᠠᠷᠢᠶᠠᠨ ᠡᠮ ᠤᠨ ᠨᠠᠷᠡᠶᠢᠳᠦᠯ᠂ ᠪᠠᠷᠢᠮᠵᠢᠶ᠎ᠠ᠂ ︽ᠭᠤᠷᠪᠠᠨ ᠦᠨᠡᠮᠯᠠᠯ︾ ︵ᠲᠠᠷᠢᠶᠠᠨ ᠡᠮ ᠤᠨ ᠲᠡᠩᠰᠡᠯᠠᠭᠰᠠᠨ ᠦᠨᠡᠮᠯᠠᠯ᠂ ᠤᠢᠢᠯᠡᠳᠪᠤᠷᠢᠯᠠᠭᠦ ᠶᠢ ᠵᠦᠪᠰᠢᠶᠠᠷᠡᠭᠰᠡᠨ ᠦᠨᠡᠮᠯᠠᠯ᠂ ᠤᠢᠢᠯᠡᠳᠭᠦᠨ ᠤ ᠪᠠᠷᠢᠮᠵᠢᠶ᠎ᠠ ᠶᠢᠨ ᠨᠤᠮᠧᠷ ᠵᠡᠷᠭᠡ︶᠂ ᠴᠠᠪᠠᠷ ᠭᠦᠨᠳᠤᠴᠡ ᠪᠤᠶᠤ ᠴᠠᠪᠠᠷ ᠠᠭᠤᠯᠤᠭᠳᠠᠴᠠ᠂ ᠤᠢᠢᠯᠡᠳᠪᠤᠷᠢᠯᠡᠭᠰᠡᠨ ᠤᠢᠢᠯᠡᠳᠪᠤᠷᠢ ᠶᠢᠨ ᠨᠠᠷ᠎ᠠ᠂ ᠬᠠᠶ᠋ᠢᠬ᠂ ᠰᠢᠤᠳᠠᠨ ᠨᠤᠮᠧᠷ ᠪᠤᠯᠤᠨ ᠤᠳᠠᠰᠤ᠂ ᠭᠡᠷᠡᠭᠯᠡᠭᠦ ᠲᠤᠳᠤᠷᠬᠠᠢᠢᠯᠠᠯᠳᠠ᠂ ᠠᠩᠬᠠᠷᠬᠤ ᠵᠦᠢᠯᠡᠰ᠂ ᠤᠢᠢᠯᠡᠳᠪᠤᠷᠢᠯᠡᠭᠰᠡᠨ ᠡᠳᠦᠷ ᠬᠤᠭᠤᠴᠠᠭ᠎ᠠ ᠪᠤᠶᠤ ᠵᠦᠪᠰᠢᠶᠠᠷᠡᠭᠰᠡᠨ ᠳ᠋ᠤᠭᠠᠷ ᠵᠡᠷᠭᠡ ᠠᠭᠤᠯᠭ᠎ᠠ ᠪᠠᠭᠳᠠᠵᠤ ᠪᠠᠶᠢᠳᠠᠭ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号