ᠤᠶᠢᠷ᠎ᠠ ᠶᠢᠨ ᠡᠳᠦᠷ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠥᠯᠳᠠ ᠰᠤᠮᠤᠨ ᠤ ᠭᠤᠷᠪᠠᠳᠤᠭᠠᠷ | ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠵᠢᠴᠢ ᠪᠦᠬᠦ | ᠰᠤᠮᠤᠨ ᠤ ᠠᠵᠤ ᠠᠬᠤᠢ ᠶᠢᠨ ᠠᠵᠢᠯ ᠤᠨ ᠬᠤᠷᠠᠯ ᠰᠦᠯᠳᠡ ᠰᠤᠮᠤᠨ ᠳᠤ ᠬᠤᠷᠠᠯᠳᠤᠭᠰᠠᠨ ᠪᠠᠶᠢᠨ᠎ᠠ᠃ ᠬᠤᠰᠢᠭᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ | ᠪᠤᠯᠤᠨ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠤᠷᠠᠯ ᠳᠤ ᠤᠷᠤᠯᠴᠠᠵᠤ ᠵᠢᠯᠤᠭᠤᠳᠤᠯᠭ᠎ᠠ ᠬᠢᠪᠡ᠃ | ᠬᠤᠷᠠᠯ ᠠᠴᠠ ︽ᠨᠠᠮ ᠤᠨ ᠬᠤᠷᠢᠶᠠᠨ ᠤ ᠠᠵᠢᠯ ᠤᠨ ᠢᠯᠡᠳᠬᠡᠯ︾ ᠂ ︽ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠠᠵᠢᠯ ᠤᠨ ᠢᠯᠡᠳᠬᠡᠯ︾ ᠢ ᠰᠤᠨᠤᠰᠬᠤ ᠶᠢᠨ ᠬᠠᠮᠳᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ | ᠵᠢᠴᠢ ᠨᠠᠮ ᠤᠨ ᠬᠤᠷᠢᠶᠠᠨ ᠤ ᠭᠡᠰᠢᠭᠦᠨ ᠳᠤ ᠠᠷᠠᠳᠴᠢᠯᠠᠭᠰᠠᠨ ᠰᠢᠯᠭᠠᠨ ᠥᠨᠠᠯᠠᠯᠳᠠ ᠭᠢᠭᠰᠡᠨ ᠪᠠᠶᠢᠨ᠎ᠠ᠃ | ᠬᠤᠷᠠᠯ ᠳᠡᠭᠡᠷ᠎ᠡ ᠪᠤᠶᠠᠨᠮᠠᠨᠳᠤᠬᠤ ᠱᠠᠭᠠᠷᠳᠠᠬᠤ ᠳᠤ ᠪᠠᠨ᠂ 2019 ᠤᠨ ᠪᠤᠯ ᠤᠯᠤᠰ | ᠪᠠᠶᠢᠭᠤᠯᠤᠭᠳᠠᠭᠰᠠᠨ70 ᠵᠢᠯ ᠤᠨ ᠤᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠢᠯᠠᠯᠳᠠ | ᠶᠢ ᠤᠯᠬᠤ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢᠨ ᠵᠠᠩᠭᠢᠯᠠᠭ᠎ᠠ ᠶᠢᠨ ᠵᠢᠯ᠂ ᠮᠥᠨᠴᠤ ᠮᠠᠨ ᠤ | ᠬᠤᠰᠢᠭᠤᠨ ᠤ ᠴᠢᠨᠠᠷ ᠰᠠᠶᠢᠳᠠᠢ ᠬᠦᠭᠵᠢᠯᠲᠡ ᠶᠢ ᠠᠭᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ | ᠪᠡᠶᠡᠯᠡᠬᠦᠯᠬᠦ ᠴᠢᠬᠤᠯᠠ ᠨᠢᠭᠡ ᠵᠢᠯ ᠪᠤᠯᠬᠤᠷ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠦᠬᠦ ᠲᠠᠯ᠎ᠠ ᠶᠢ | ᠶᠡᠷᠦᠩᠬᠡᠶᠢᠯᠡᠨ ᠡᠵᠡᠮᠳᠡᠵᠦ ᠡᠯ᠎ᠡ ᠲᠠᠯ᠎ᠠ ᠶᠢᠨ ᠴᠢᠳᠠᠪᠤᠷᠢ ᠶᠢ ᠵᠤᠬᠢᠴᠠᠭᠤᠯᠤᠨ ᠤᠳᠤᠷᠢᠳᠬᠤ ᠪᠠᠭ ᠢ ᠴᠢᠩᠭ᠎ᠠ | ᠠᠳᠬᠤᠨ ᠡᠩᠨᠡᠭᠡ ᠪᠠᠨ ᠲᠠᠭᠠᠭᠤᠯᠵᠤ ᠨᠠᠮ ᠤᠨ ᠪᠠᠶᠢᠭᠤᠯᠤᠯᠲᠠ ᠪᠠᠷ ᠶᠠᠷᠤᠩᠭᠡᠶᠢᠯᠠᠨ ᠬᠠᠮᠢᠶᠠᠷᠬᠤ ᠶᠢ ᠪᠠᠷᠢᠮᠳᠠᠯᠠᠨ | ᠴᠢᠨᠠᠷ ᠰᠠᠶᠢᠳᠠᠢ ᠬᠦᠭᠵᠢᠯᠲᠡ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ ᠴᠢᠭᠯᠡᠯ ᠢ ᠡᠵᠡᠮᠳᠠᠨ | ᠰᠠᠳᠭᠢᠴᠠ ᠶᠢ ᠰᠢᠯᠤᠭᠤᠳᠬᠠᠵᠤ ᠡᠷᠴᠢ ᠵᠤᠷᠢᠭ ᠢ ᠭᠥᠪᠴᠢᠯᠠᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ | ᠰᠤᠮᠤᠨ ᠤ ᠪᠦᠬᠦ ᠺᠠᠳ᠋ᠷ ᠠᠵᠢᠯᠲᠠᠨ ᠢᠶᠠᠨ ᠪᠥᠯᠭᠦᠮᠳᠠᠭᠦᠯᠤᠨ ᠲᠠᠭᠠᠭᠤᠯᠵᠤ ᠭᠥᠴᠢᠷ ᠢ ᠢᠯᠠᠨ ᠵᠤᠷᠢᠭᠳᠠᠢ | ᠤᠷᠤᠭᠰᠢᠯᠠᠵᠤ ᠰᠤᠮᠤᠨ ᠤ ᠡᠯ᠎ᠡ ᠲᠥᠷᠤᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠭᠢᠭᠤᠯᠬᠤ | ᠵᠠᠮ ᠲᠡᠭᠡᠷ᠎ᠡ ᠪᠤᠳᠠᠲᠤ ᠦᠷ᠎ᠡ ᠪᠦᠲᠦᠮᠵᠢ ᠶᠢ ᠤᠯᠬᠤ ᠶᠢ ᠪᠠᠳᠤᠯᠠᠬᠤ ᠬᠡᠷᠡᠭᠲᠡᠢ ᠭᠡᠵᠡᠢ᠃ |