︽ᠰᠢ ᠶᠢᠨ ᠫᠢᠩ ᠤᠨ ︿ᠬᠦᠳᠡᠭᠡ ᠠᠵᠦ ᠠᠬᠤᠢ ᠬᠦᠳᠡᠭᠡ ᠳᠤᠰᠬᠤᠨ ᠳᠠᠷᠢᠶᠠᠴᠢᠨ﹀ ᠤ ᠠᠵᠢᠯ ᠤᠨ ᠳᠤᠬᠠᠢ ᠦᠬᠦᠯᠡᠯᠳᠡ ᠶᠢᠨ ᠲᠤᠪᠴᠢᠯᠠᠯ︾ ᠬᠡᠬᠦ ᠨᠤᠮ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2019-05-08
     ᠨᠠᠮ ᠤᠨ ᠳᠦᠪ ᠬᠤᠷᠢᠶᠠᠨ ᠤ ᠨᠠᠮ ᠤᠨ ᠳᠡᠤᠬᠡ ᠪᠤᠯᠤᠨ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠤᠬᠰᠠᠨ ︽ᠰᠢ ᠶᠢᠨ ᠫᠢᠩ ᠤᠨ ︿ᠬᠦᠳᠡᠭᠡ ᠠᠵᠦ ᠠᠬᠤᠢ ᠬᠦᠳᠡᠭᠡ ᠳᠤᠰᠬᠤᠨ ᠳᠠᠷᠢᠶᠠᠴᠢᠨ﹀ ᠤ ᠠᠵᠢᠯ ᠤᠨ ᠳᠤᠬᠠᠢ ᠦᠬᠦᠯᠡᠯᠳᠡ ᠶᠢᠨ ᠲᠤᠪᠴᠢᠯᠠᠯ︾ ᠬᠡᠬᠦ ᠨᠤᠮ ᠢ ᠤᠶᠢᠢᠷ᠎ᠠ ᠳᠤ ᠳᠦᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶᠠᠨ ᠠᠴᠠ ᠬᠡᠪᠯᠡᠵᠦ᠂ ᠪᠦᠬᠦ ᠤᠯᠤᠰ ᠲᠤ ᠳᠠᠷᠬᠠᠭᠠᠪᠠ᠃      ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠨᠠᠮ ᠪᠤᠯᠤᠨ ᠤᠯᠤᠰ ᠤᠨ ᠠᠵᠢᠯ ᠦᠢᠯᠡᠰ ᠤᠨ ᠶᠡᠭᠡ ᠳᠠᠯ᠎ᠠ ᠠᠴᠠ ᠡᠬᠦᠰᠴᠤ᠂ ︽ᠬᠤᠤᠰ ᠵᠠᠭᠤᠨ ᠵᠢᠯ︾ ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠦᠭ ᠳᠦᠮᠡᠨ ᠳᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠬᠡᠬᠡᠴᠡᠯᠳᠤᠯ ᠳᠤ ᠨᠡᠶᠢᠴᠡᠭᠦᠯᠦᠨ ᠳᠤᠷᠠᠳᠴᠤ ᠭᠠᠷᠭᠠᠬᠰᠠᠨ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠪᠤᠯᠤᠨ᠎ᠠ᠂ ᠰᠢᠨ᠎ᠠ ᠴᠠᠬ ᠦᠶ᠎ᠠ ᠳᠤ ︽ᠬᠦᠳᠡᠭᠡ ᠠᠵᠦ ᠠᠬᠤᠢ ᠬᠦᠳᠡᠭᠡ ᠳᠤᠰᠬᠤᠨ ᠳᠠᠷᠢᠶᠠᠴᠢᠨ︾ ᠤ ᠠᠵᠢᠯ ᠢ ᠰᠠᠶᠢᠳᠤᠷ ᠬᠢᠬᠦ ᠶᠢᠨ ᠶᠡᠷᠦᠩᠬᠡᠢ ᠭᠠᠷᠳᠠᠴᠠ ᠪᠤᠯᠤᠨ᠎ᠠ᠃ ᠬᠦᠳᠡᠭᠡ ᠠᠵᠦ ᠠᠬᠤᠢ ᠬᠦᠳᠡᠭᠡ ᠳᠤᠰᠬᠤᠨ ᠳᠠᠷᠢᠶᠠᠴᠢᠨ ᠤ ᠠᠰᠠᠭᠤᠳᠠᠯ ᠪᠤᠯ ᠤᠯᠤᠰ ᠤᠨ ᠪᠤᠳᠤᠯᠭ᠎ᠠ ᠠᠷᠠᠳ ᠤᠨ ᠠᠮᠢᠳᠤᠷᠠᠯ ᠲᠠᠢ ᠬᠤᠯᠪᠤᠬᠳᠠᠬᠤ ᠦᠨᠳᠦᠰᠦᠨ ᠴᠢᠨᠠᠷᠳᠠᠢ ᠠᠰᠠᠭᠤᠳᠠᠯ ᠪᠤᠯᠬᠤ ᠶᠤᠮ᠃ ᠬᠦᠳᠡᠭᠡ ᠠᠵᠦ ᠠᠬᠤᠢ ᠬᠦᠴᠦᠷᠬᠡᠭ ᠡᠰᠡᠬᠦ᠂ ᠬᠦᠳᠡᠭᠡ ᠳᠤᠰᠬᠤᠨ ᠦᠵᠡᠰᠬᠦᠯᠡᠩ ᠰᠠᠶᠢᠬᠠᠨ ᠡᠰᠡᠬᠦ᠂ ᠳᠠᠷᠢᠶᠠᠴᠢᠨ ᠪᠠᠶᠠᠨ ᠴᠢᠨᠡᠬᠡᠯᠢᠭ ᠡᠰᠡᠬᠦ ᠨᠢ ᠳᠦᠭ ᠳᠦᠮᠡᠨ ᠳᠠᠷᠢᠶᠠᠴᠢᠨ ᠤ ᠬᠦᠷᠳᠡᠮᠵᠢ ᠶᠢᠨ ᠳᠦᠷᠦᠭᠳᠡᠯ ᠪᠤᠯᠤᠨ ᠵᠢᠷᠭᠠᠯᠳᠤ ᠳᠦᠷᠦᠭᠳᠡᠯ ᠢ ᠳᠤᠬᠳᠠᠭᠠᠵᠦ᠂ ᠮᠠᠨ ᠤ ᠤᠯᠤᠰ ᠤᠨ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠶᠢᠨ ᠴᠢᠨᠠᠷ ᠴᠢᠨᠰᠠᠭ᠎ᠠ ᠪᠤᠯᠤᠨ ᠨᠡᠶᠢᠬᠡᠮ ᠵᠢᠷᠤᠮ ᠤᠨ ᠤᠳᠤᠬᠢᠴᠢᠯᠡᠯᠳᠡ ᠶᠢᠨ ᠶᠠᠰᠤ ᠴᠢᠨᠠᠷ ᠢ ᠳᠤᠬᠳᠠᠭᠠᠵᠤ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ︽ᠬᠦᠳᠡᠭᠡ ᠠᠵᠦ ᠠᠬᠤᠢ ᠬᠦᠳᠡᠭᠡ ᠳᠤᠰᠬᠤᠨ ᠳᠠᠷᠢᠶᠠᠴᠢᠨ︾ ᠤ ᠠᠰᠠᠭᠤᠲᠠᠯ ᠢ ᠰᠠᠶᠢᠳᠤᠷ ᠰᠢᠢᠳᠪᠤᠷᠢᠯᠡᠬᠦ ᠶᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠦ᠂ ︽ᠬᠦᠳᠡᠭᠡ ᠠᠵᠦ ᠠᠬᠤᠢ ᠬᠦᠳᠡᠭᠡ ᠳᠤᠰᠬᠤᠨ ᠳᠠᠷᠢᠶᠠᠴᠢᠨ︾ ᠤ ᠠᠵᠢᠯ ᠤᠨ ᠤᠨᠤᠯ ᠤᠨ ᠰᠢᠨ᠎ᠠ ᠶᠢ ᠡᠬᠦᠳᠬᠦ᠂ ᠦᠢᠯᠡᠳᠦᠯᠬᠡ ᠶᠢᠨ ᠰᠢᠨ᠎ᠠ ᠶᠢ ᠡᠬᠦᠳᠬᠦ᠂ ᠪᠠᠶᠢᠭᠤᠯᠤᠯ ᠤᠨ ᠰᠢᠨ᠎ᠠ ᠶᠢ ᠡᠬᠦᠳᠬᠦ ᠶᠢ ᠳᠠᠰᠤᠷᠠᠯᠳᠠ ᠦᠬᠡᠢ ᠠᠬᠢᠭᠤᠯᠵᠦ᠂ ᠬᠦᠳᠡᠭᠡ ᠠᠵᠦ ᠠᠬᠤᠢ ᠬᠦᠳᠡᠭᠡ ᠳᠤᠰᠬᠤᠨ ᠤ ᠬᠦᠭᠵᠢᠯᠳᠡ ᠶᠢ ᠠᠬᠢᠭᠤᠯᠬᠤ ᠳᠠᠯ᠎ᠠ ᠪᠠᠷ ᠳᠡᠤᠬᠡᠳᠦ ᠴᠢᠨᠠᠷᠳᠠᠢ ᠠᠮᠵᠢᠯᠳᠡ ᠪᠦᠳᠦᠮᠵᠢ ᠤᠯᠵᠦ᠂ ᠳᠡᠤᠬᠡᠳᠦ ᠴᠢᠨᠠᠷᠳᠠᠢ ᠬᠤᠪᠢᠰᠤᠯ ᠭᠠᠷᠭᠠᠵᠠᠢ᠃ ᠰᠢ ᠶᠢᠨ ᠫᠢᠩ ᠨᠦᠬᠦᠷ ᠤᠨ ︽ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ︾ ᠤ ᠠᠵᠢᠯ ᠤᠨ ᠲᠤᠬᠠᠢ ᠴᠢᠬᠤᠯᠠ ᠦᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠬᠤ ᠨᠢ ᠮᠠᠠ ᠤ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠬᠦ ᠲᠤᠯᠭᠠᠮ ᠰᠡᠳᠬᠢᠯᠭᠡ ᠪᠠ ᠡᠬᠦᠷᠭᠡᠲᠦ ᠪᠤᠲᠤᠯ ᠢ ᠦᠨᠡᠡ ᠬᠦ ᠴᠢᠩᠭᠠᠳᠬᠠᠵᠦ᠂ ᠨᠡᠩ ᠶᠡᠭᠡ ᠵᠤᠷᠢᠭ᠂ ᠨᠡᠩ ᠲᠤᠲᠤᠷᠬᠠᠢ ᠬᠠᠷᠠᠯᠲᠠ᠂ ᠨᠡᠩ ᠬᠦᠴᠤᠨ ᠲᠠᠢ ᠠᠷᠭ᠎ᠠ ᠭᠡᠮᠵᠢᠶ᠎ᠠ ᠪᠠᠷ ᠰᠢᠨ᠎ᠠ ᠴᠠᠭ ᠦᠶ᠎ᠠ ᠶᠢᠨ ︽ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ︾ ᠤ ᠠᠵᠢᠯ ᠢ ᠠᠬᠢᠭᠤᠯᠵᠦ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠠ ᠮᠠᠠᠲᠤᠯᠲᠠ ᠶᠢᠨ ︽ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ︾ ᠤ ᠰᠢᠨ᠎ᠠ ᠬᠠᠭᠤᠲᠠᠰᠤ ᠶᠢ ᠪᠢᠴᠢᠭᠯᠡᠬᠦ ᠳᠤ ᠮᠠᠰᠢ ᠴᠢᠬᠤᠯᠠ ᠠᠴᠢ ᠬᠤᠯᠪᠤᠭᠲᠠᠯ ᠲᠠᠢ ᠶᠤᠮ᠃      ︽ᠦᠭᠦᠯᠡᠯᠲᠡ ᠶᠢᠨ ᠲᠤᠪᠴᠢᠯᠠᠯ︾ ᠨᠢ 11 ᠲᠤᠰᠬᠠᠢ ᠰᠡᠲᠦᠪ ᠲᠠᠢ᠄ ᠬᠦᠲᠡᠭᠡ ᠠᠵᠦ ᠠᠬᠤᠢ ᠬᠦᠲᠡᠭᠡ ᠲᠤᠰᠬᠤᠨ ᠢ ᠤᠷᠢᠳ ᠢᠶᠠᠷ ᠬᠦᠭᠵᠢᠭᠦᠯᠬᠦ ᠶᠢ ᠪᠠᠷᠢᠮᠲᠠᠯᠠᠵᠦ᠂ ᠬᠦᠲᠡᠭᠡ ᠲᠤᠰᠬᠤᠨ ᠢ ᠬᠦᠭᠵᠢᠭᠦᠯᠦᠠ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠦᠨ᠎ᠠ︔ ᠬᠤᠲᠠ ᠬᠦᠲᠡᠭᠡ ᠶᠢ ᠠᠭᠤᠰᠤᠯᠴᠠᠭᠤᠯᠤᠨ ᠬᠦᠭᠵᠢᠭᠦᠯᠬᠦ ᠪᠠᠶᠢᠭᠤᠯᠤᠮᠵᠢ ᠲᠤᠭᠲᠠᠴᠠ ᠪᠤᠯᠤᠨ ᠲᠦᠷᠦ ᠶᠢᠨ ᠪᠤᠲᠤᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠬᠦᠲᠡᠭᠡ ᠠᠵᠦ ᠠᠬᠤᠢ ᠬᠦᠲᠡᠭᠡ ᠲᠤᠰᠬᠤᠨ ᠤ ᠤᠲᠤᠬᠢᠴᠢᠯᠠᠯᠲᠠ ᠶᠢ ᠲᠦᠷᠭᠡᠳᠭᠡᠡ ᠠᠬᠢᠭᠤᠯᠤᠨ᠎ᠠ︔ ᠬᠦᠲᠡᠭᠡ ᠲᠤᠰᠬᠤᠨ ᠤ ᠦᠨᠲᠦᠰᠦᠠ ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠲᠡᠷᠵᠢᠭᠦᠯᠵᠦ᠂ ᠬᠦᠲᠡᠭᠡ ᠲᠤᠰᠬᠤᠨ ᠤ ᠭᠠᠵᠠᠷ ᠰᠢᠷᠤᠢ ᠶᠢᠨ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠠ︔ ᠤᠯᠤᠰ ᠤᠨ ᠠᠮᠤ ᠪᠤᠲᠠᠭᠠᠠ ᠤ ᠠᠮᠤᠷ ᠲᠦᠪᠰᠢᠨ ᠢ ᠪᠠᠲᠤᠯᠠᠵᠦ᠂ ᠲᠤᠮᠲᠠᠲᠤᠴᠤᠳ ᠤᠨ ᠪᠤᠲᠠᠭᠠᠠ ᠠᠶᠠᠭ᠎ᠠ ᠶᠢ ᠦᠪᠡᠷ ᠤᠨ ᠭᠠᠷ ᠲᠤᠨᠢ ᠯᠠᠪᠲᠠᠭᠤᠨ ᠠᠳᠬᠤᠭᠤᠯᠤᠨ᠎ᠠ︔ ᠬᠦᠲᠡᠭᠡ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠠ︔ ᠪᠤᠬᠢᠷᠲᠤᠯ ᠦᠭᠡᠢ ᠬᠦᠭᠵᠢᠯᠲᠠ ᠪᠠᠷ ᠬᠦᠲᠡᠭᠡ ᠲᠤᠰᠬᠤᠨ ᠢ ᠬᠦᠭᠵᠢᠭᠦᠯᠦᠠ ᠮᠠᠠᠲᠤᠭᠤᠯᠬᠤ ᠶᠢ ᠬᠦᠲᠦᠯᠦᠨ ᠲᠠᠭᠠᠭᠤᠯᠤᠨ᠎ᠠ︔ ᠲᠠᠷᠢᠶᠠᠯᠠᠬᠤ ᠰᠤᠶᠤᠯ ᠤᠨ ᠪᠤᠯᠪᠠᠰᠤᠨ ᠢ ᠤᠯᠠᠮᠵᠢᠯᠠᠠ ᠵᠠᠯᠭᠠᠮᠵᠢᠯᠠᠵᠦ ᠬᠦᠭᠵᠢᠭᠦᠯᠦᠨ ᠲᠡᠭᠡᠭᠰᠢᠯᠡᠭᠦᠯᠦᠨ᠎ᠠ︔ ᠬᠦᠲᠡᠭᠡ ᠲᠤᠰᠬᠤᠨ ᠤ ᠵᠠᠰᠠᠯᠲᠠ ᠶᠢ ᠴᠢᠩᠭᠠᠳᠬᠠᠠ ᠰᠢᠨᠡᠴᠢᠯᠡᠨ᠎ᠠ︔ ᠲᠠᠷᠢᠶᠠᠴᠢᠳ ᠤᠨ ᠠᠵᠢᠯ ᠤᠯᠵᠦ ᠦᠢᠯᠡᠰ ᠪᠤᠰᠬᠠᠬᠤ ᠶᠢ ᠲᠡᠮᠵᠢᠠ ᠵᠤᠷᠢᠠᠠᠵᠢᠭᠤᠯᠵᠦ᠂ ᠤᠷᠤᠯᠭ᠎ᠠ ᠪᠠᠨ ᠨᠡᠮᠡᠭᠲᠡᠭᠦᠯᠬᠦ ᠠᠷᠭ᠎ᠠ ᠵᠠᠮ ᠢ ᠦᠷᠭᠡᠳᠭᠡᠨ᠎ᠠ︔ ᠬᠦᠲᠡᠭᠡ ᠲᠤᠰᠬᠤᠠ ᠤ ᠶᠠᠲᠠᠭᠤ ᠬᠦᠴᠢᠷᠲᠠᠯᠲᠠᠢ ᠬᠦᠮᠦᠨ ᠠᠮᠠ ᠶᠢ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠤ ᠢᠯᠠᠯᠲᠠ ᠶᠢ ᠵᠠᠪᠠᠯ ᠤᠯᠤᠨ᠎ᠠ︔ ᠨᠠᠮ ᠤᠨ ︽ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ︾ ᠤ ᠠᠵᠢᠯ ᠳᠠᠬᠢ ᠤᠲᠤᠷᠢᠲᠤᠯᠭ᠎ᠠ ᠶᠢ ᠴᠢᠩᠭᠠᠳᠬᠠᠠ ᠰᠠᠶᠢᠵᠢᠷᠠᠭᠤᠯᠤᠨ᠎ᠠ᠃ ᠨᠤᠮ ᠳᠤ 286 ᠦᠭᠦᠯᠡᠯᠲᠡ ᠶᠢ ᠨᠠᠶᠢᠷᠠᠭᠤᠯᠤᠨ ᠤᠷᠤᠭᠤᠯᠵᠦ᠂ ᠰᠢ ᠶᠢᠨ ᠫᠢᠩ ᠨᠦᠬᠦᠷ ᠤᠨ 2012 ᠤᠨ ᠤ 12 ᠰᠠᠷ᠎ᠠ ᠠᠴᠠ 2019 ᠤᠨ ᠤ 3 ᠰᠠᠷ᠎ᠠ ᠪᠤᠯᠲᠠᠯᠠᠬᠢ ᠬᠤᠭᠤᠴᠠᠭᠠᠠ ᠳᠠᠬᠢ ᠶᠠᠷᠢᠶ᠎ᠠ᠂ ᠢᠯᠡᠳᠭᠡᠯ᠂ ᠵᠢᠭᠠᠪᠤᠷᠢ᠂ ᠪᠠᠶᠠᠷ ᠤᠨ ᠵᠠᠬᠢᠲᠠᠯ ᠵᠡᠷᠭᠡ 70 ᠭᠠᠷᠤᠢ ᠴᠢᠬᠤᠯᠠ ᠲᠤᠯᠭᠤᠷ ᠪᠢᠴᠢᠭ ᠢ ᠰᠤᠩᠭᠤᠠ ᠤᠷᠤᠭᠤᠯᠵᠠᠢ᠃ ᠡᠭᠦᠨ ᠳᠤ ᠮᠠᠰᠢ ᠤᠯᠠᠠ ᠦᠭᠦᠯᠡᠯᠲᠡ ᠶᠢ ᠠᠩᠬ᠎ᠠ ᠤᠲᠠᠭ᠎ᠠ ᠢᠯᠡ ᠨᠡᠶᠢᠲᠡᠯᠡᠵᠦ ᠪᠠᠶᠢᠨ᠎ᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号