ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-05-08
     5 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠠᠨ ᠬᠤᠷᠠᠯᠳᠤᠭᠤᠯᠪᠠ᠃ ᠥᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠡᠳ᠋ ᠲᠠᠷᠤᠭ᠎ᠠ ᠭᠥᠭᠡᠪᠠᠭᠠᠳᠤᠷ᠂ ᠲᠤᠭᠤᠷᠢᠨ ᠪᠠᠶᠢᠴᠠᠭᠠᠭᠴᠢ ᠰᠢᠨ ᠵᠢᠶᠠᠨ ᠭᠤᠸᠠᠩ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠠᠳ᠋ ᠲᠠᠷᠤᠭ᠎ᠠ ᠯᠢ ᠵᠥᠩ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠬᠤᠷᠠᠯ ᠳᠤ ᠤᠷᠤᠯᠴᠠᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠢ ᠵᠡᠷᠭᠡ ᠤᠳᠤᠷᠢᠳᠤᠯᠭ᠎ᠠ ᠪᠠ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠤᠷᠳᠤᠨ ᠤ ᠠᠯᠪᠠᠨ ᠭᠡᠷ᠂ ᠵᠤᠭᠢᠶᠠᠨ ᠪᠠᠶᠢᠭᠤᠯᠬᠤ ᠭᠡᠯᠳᠡᠰ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠪᠠ᠃      ᠬᠤᠷᠠᠯ ᠲᠡᠭᠡᠷ᠎ᠡ ︽ᠥᠪᠤᠷ ᠮᠤᠩᠭᠤᠯ ᠤᠨ ᠥᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢ  ᠶᠢᠨ ᠫᠢᠩ ᠶᠠᠷᠤᠩᠭᠡᠢ ᠱᠥᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠥᠪᠤᠷ ᠮᠤᠩᠭᠤᠯ ᠤᠨ ᠲᠥᠯᠥᠭᠡᠯᠡᠭᠴᠢᠳ  ᠤᠨ ᠪᠥᠯᠭᠦᠮ ᠤᠨ ᠭᠢᠨᠠᠨ ᠵᠥᠪᠯᠠᠭᠦ ᠳᠤ ᠤᠷᠤᠯᠴᠠᠬᠤ ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠮᠢ ᠠᠬᠤᠢ ᠶᠢ ᠤᠷᠢᠳᠠᠪᠠᠷ ᠪᠤᠳᠤᠯᠭᠢᠯᠠᠬᠤ ᠪᠤᠭᠢᠷᠳᠤᠯ ᠥᠭᠡᠢ ᠭᠥᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠭᠥᠭᠵᠢᠯᠳᠠ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠥᠭᠡᠢ ᠵᠠᠮᠨᠠᠬᠤ ᠲᠤᠬᠠᠢ ᠲᠤᠭᠳᠠᠭᠠᠯ︾ ᠢ ᠤᠯᠠᠮᠵᠢᠯᠠᠨ ᠰᠤᠷᠤᠯᠴᠠᠪᠠ᠃ ᠬᠤᠷᠠᠯ ᠢᠶᠠᠷ ᠪᠠᠰᠠ ᠨᠠᠮ ᠵᠠᠰᠠᠭ ᠤᠨ ᠤᠳᠤᠷᠢᠳᠬᠤ ᠪᠠᠭ ᠤᠨ ᠬᠠᠷᠢᠭᠤ ᠮᠡᠳᠡᠭᠦᠯᠥᠯᠳᠠ ᠶᠢᠨ ᠮᠠᠲ᠋ᠧᠷᠢᠶᠠᠯ ᠢ ᠭᠢᠨᠠᠨ ᠪᠠᠳᠤᠯᠠᠭᠰᠠᠨ ᠪᠠᠶᠢᠨ᠎ᠠ᠃      ᠡᠷᠳᠡᠨᠢᠪᠢᠯᠢᠭ ᠱᠠᠭᠠᠷᠳᠠᠬᠤ ᠳᠤ ᠪᠠᠨ᠂ ᠪᠥᠭᠦ ᠬᠤᠰᠢᠭᠤᠨ ᠤ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠤᠨᠤᠯ ᠤᠨ ᠰᠤᠷᠤᠯᠴᠠᠯᠭ᠎ᠠ ᠪᠠᠨ ᠥᠨᠠᠠᠭᠦ ᠴᠢᠩᠭᠠᠳᠬᠠᠨ ᠤᠨᠤᠯ ᠤᠨ ᠵᠤᠷᠢᠭ ᠰᠠᠨᠠᠭᠠᠨ ᠤ ᠮᠥᠨ ᠴᠢᠨᠠᠷ ᠢ ᠭᠥᠨ ᠤᠶᠢᠯᠠᠭᠠᠵᠦ ᠰᠢ ᠶᠢᠨ ᠫᠢᠩ ᠶᠠᠷᠤᠩᠭᠡᠢ ᠱᠥᠵᠢ ᠶᠢᠨ ᠥᠵᠠᠯ ᠰᠠᠨᠠᠭ᠎ᠠ ᠤᠨᠤᠯ᠂ ᠴᠢᠬᠤᠯᠠ ᠵᠤᠭᠢᠶᠠᠯ ᠪᠥᠳᠥᠭᠡᠯ᠂ ᠴᠢᠬᠤᠯᠠ ᠥᠭᠦᠯᠠᠯᠳᠠ᠂ ᠴᠢᠬᠤᠯᠠ ᠶᠠᠷᠢᠶ᠎ᠠ ᠶᠢ ᠭᠢᠨᠠᠮᠠᠭᠠᠢ ᠰᠤᠷᠤᠯᠴᠠᠨ ᠤᠨᠤᠯ ᠢᠶᠠᠷ ᠠᠵᠢᠯ ᠢᠶᠠᠨ ᠠᠭᠢᠭᠤᠯᠵᠤ ᠥᠢᠯᠡᠳᠤᠯᠭᠡ ᠪᠠᠨ ᠵᠢᠯᠤᠭᠤᠳᠤᠭᠤᠯᠬᠤ ᠭᠡᠷᠡᠭᠳᠠᠢ᠃  ︽ᠲᠤᠭᠳᠠᠭᠠᠯ︾ ᠤᠨ ᠵᠤᠷᠢᠭ ᠰᠠᠨᠠᠭ᠎ᠠ ᠶᠢ ᠭᠢᠨᠠᠮᠠᠭᠠᠢ ᠰᠤᠷᠤᠯᠴᠠᠵᠦ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ ᠪᠠᠷ ᠬᠠᠷᠠᠯᠳᠠ ᠪᠤᠯᠭᠠᠨ ᠬᠤᠪᠢᠶᠠᠷᠢᠯᠠᠨ ᠬᠠᠷᠢᠭᠤᠴᠠᠬᠤ ᠴᠠᠷᠠᠭᠠᠨ ᠤ ᠠᠵᠢᠯ ᠢ ᠥᠨᠳᠤᠰᠤᠯᠠᠨ ᠪᠤᠳᠠᠳᠠᠢ ᠭᠡᠷᠡᠭᠵᠢᠭᠦᠯᠭᠦ ᠲᠥᠰᠤᠯ ᠲᠤᠭᠳᠠᠭᠠᠵᠤ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠶᠢᠨ ᠬᠠᠮᠳᠤ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ ᠥᠨᠳᠤᠰᠤᠨ ᠱᠠᠳᠤᠨ ᠳᠤ ᠭᠥᠨᠵᠡᠭᠡᠶᠢᠷᠠᠨ ᠪᠠᠶᠢᠴᠠᠭᠠᠨ ᠰᠤᠳᠤᠯᠤᠯᠳᠠ ᠭᠢᠵᠤ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ᠠᠵᠢᠯᠯᠠᠭᠠᠨ ᠢ ᠭᠢᠨᠠᠮᠠᠭᠠᠢ ᠥᠷᠨᠢᠭᠦᠯᠭᠦ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠥᠪᠠᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠯᠳᠠ ᠶᠢᠨ ᠠᠵᠢᠯ ᠢ ᠭᠥᠨᠳᠤᠳᠭᠡᠨ ᠥᠵᠠᠵᠤ ᠥᠵᠠᠯ ᠰᠠᠨᠠᠭ᠎ᠠ ᠲᠠᠨᠢᠯᠳᠠ᠂ ᠬᠠᠷᠢᠭᠤᠴᠠᠯᠭ᠎ᠠ   ᠶᠢᠨ ᠨᠠᠶᠢᠳᠠᠪᠤᠷᠢᠵᠢᠭᠤᠯᠤᠯᠳᠠ ᠶᠢ ᠤᠷᠤᠨᠵᠢᠭᠤᠯᠣᠨ ᠲᠤᠭᠤᠷᠢᠨ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠠᠷᠤᠢ ᠳᠤ ᠨᠢ ᠴᠡᠭᠴᠡᠯᠠᠨ ᠰᠠᠶᠢᠵᠢᠷᠠᠭᠤᠯᠵᠤ ᠲᠤᠭᠤᠷᠢᠨ ᠪᠠᠶᠢᠴᠠᠭᠠᠯᠳᠠ ᠶᠢᠨ ᠠᠵᠢᠯ ᠢ ᠥᠥᠰᠢᠨ ᠬᠤᠰᠢᠭᠤᠨ ᠤ ᠭᠥᠭᠵᠢᠯᠳᠠ ᠶᠢᠨ ᠨᠢᠭᠡ ᠤᠳᠠᠭᠠᠨ ᠤ ︽ᠡᠷᠭᠢᠵᠤ ᠬᠠᠷᠠᠬᠤ︾ ᠠᠵᠢᠯ ᠪᠤᠯᠭᠠᠨ ᠲᠤᠭᠤᠷᠢᠨ ᠪᠠᠶᠢᠴᠠᠭᠠᠯᠳᠠ ᠶᠢᠨ ᠠᠵᠢᠯ ᠪᠠ ᠲᠤᠬᠠᠶᠢᠯᠠᠭᠰᠠᠨ ᠠᠵᠢᠯ ᠢ ᠤᠶᠠᠯᠳᠤᠭᠤᠯᠵᠤ ᠬᠤᠰᠢᠭᠤᠨ ᠤ ᠪᠠᠨ ᠡᠯ᠎ᠠ ᠲᠥᠷᠤᠯ ᠤᠨ ᠠᠵᠢᠯ ᠥᠢᠯᠡᠰ ᠢ ᠠᠭᠢᠭᠤᠯᠤᠨ ᠰᠢᠨ᠎ᠠ ᠨᠢᠭᠡᠨ ᠲᠡᠭᠳᠡᠷ ᠲᠤ ᠭᠠᠷᠭᠠᠬᠤ ᠭᠡᠷᠡᠭᠳᠠᠢ᠃ ᠥᠵᠠᠯ ᠰᠠᠨᠠᠭ᠎ᠠ  ᠪᠠᠨ ᠴᠢᠯᠤᠭᠡᠯᠠᠨ ᠰᠠᠳᠭᠢᠴᠠ ᠪᠠᠨ ᠥᠷᠭᠡᠳᠭᠡᠵᠤ ᠠᠷᠭ᠎ᠠ ᠭᠡᠯᠪᠠᠷᠢ ᠶᠢᠨ ᠰᠢᠨ᠎ᠠ ᠶᠢ ᠡᠭᠦᠳᠤᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ᠂ ᠤᠷᠴᠢᠨ ᠲᠤᠭᠤᠷᠢᠨ ᠤ ᠬᠠᠮᠠᠭᠠᠯᠠᠯᠲᠠ᠂ ᠲᠥᠷᠥᠯ ᠵᠥᠢᠯ ᠤᠨ ᠪᠠᠷᠢᠯᠭ᠎ᠠ  ᠪᠠᠨ ᠡᠭᠢᠯᠠᠭᠦᠯᠵᠤ ᠪᠠᠷᠢᠯᠭ᠎ᠠ ᠪᠠᠨ ᠰᠠᠷᠭᠦᠭᠡᠭᠦ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠬᠤ ᠭᠡᠷᠡᠭᠳᠠᠢ᠃ ᠠᠶᠤᠯᠭᠦᠢ ᠥᠢᠯᠡᠳᠪᠤᠷᠢᠯᠠᠯ ᠤᠨ ᠠᠵᠢᠯ ᠢ ᠴᠢᠩᠭ᠎ᠠ ᠠᠳᠬᠤᠵᠤ ᠨᠠᠶᠢᠭᠡᠮ ᠤᠨ ᠶᠡᠭᠡ ᠪᠠᠶᠢᠳᠠᠯ ᠡᠶ᠎ᠡ ᠵᠤᠭᠢᠴᠠᠯ ᠲᠤᠭᠳᠠᠭᠤᠨ ᠢ ᠪᠠᠳᠤᠯᠠᠨ ᠠᠷᠠᠳ ᠤᠨ ᠠᠮᠢᠳᠤᠷᠠᠯ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ ᠠᠷᠠᠳ ᠢᠷᠭᠡᠨ ᠤ ᠠᠮᠢᠳᠤᠷᠠᠯ ᠤᠨ ᠤᠴᠢᠷ ᠶᠠᠪᠤᠳᠠᠯ ᠢ ᠲᠡᠷᠢᠭᠦᠨ ᠳᠤ ᠲᠠᠯᠪᠢᠨ ᠲᠥᠷᠥᠯ ᠵᠥᠢᠯ ᠤᠨ ᠠᠭᠢᠴᠠ ᠶᠢ ᠲᠥᠷᠭᠡᠳᠭᠡᠵᠦ ᠢᠨᠵᠧᠨᠧᠷᠢᠩ ᠤᠨ ᠶᠠᠰᠤ ᠴᠢᠨᠠᠷ ᠢ ᠪᠠᠳᠤᠯᠠᠬᠤ ᠭᠡᠷᠡᠭᠳᠠᠢ᠃ ᠨᠠᠮ ᠤᠨ ᠪᠠᠶᠢᠭᠤᠯᠤᠯᠳᠠ ᠪᠠ ᠰᠤᠷᠳᠠᠯ  ᠤᠨ ᠪᠠᠶᠢᠭᠤᠯᠤᠯᠳᠠ ᠶᠢ ᠴᠢᠩᠭᠠᠳᠬᠠᠨ ᠬᠠᠷᠢᠭᠤᠴᠠᠯᠭ᠎ᠠ ᠡᠭᠦᠷᠭᠡᠯᠡᠭᠦ ᠪᠠᠨ ᠴᠢᠩᠭᠠᠳᠬᠠᠵᠦ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠠᠭᠦᠯᠤᠨ ᠯᠠᠪᠳᠠᠭᠤᠨ ᠪᠠᠳᠤᠳᠠᠢ ᠠᠵᠢᠯ ᠤᠨ ᠰᠤᠷᠳᠠᠯ ᠢ ᠪᠠᠳᠠᠷᠠᠭᠤᠯᠵᠦ ᠨᠠᠮ ᠢ ᠪᠥᠭᠦ ᠲᠠᠯ᠎ᠠ  ᠪᠠᠷ ᠴᠢᠩᠭ᠎ᠠ ᠵᠠᠰᠠᠬᠤ ᠶᠢ ᠭᠥᠨᠵᠡᠭᠡᠶᠢᠷᠠᠭᠦᠯᠭᠦ ᠭᠡᠷᠡᠭᠳᠠᠢ ᠭᠡᠵᠡᠢ᠃      ᠬᠤᠷᠠᠯ ᠢᠶᠠᠷ ᠪᠠᠰᠠ ᠪᠤᠰᠤᠳ ᠤᠴᠢᠷ ᠶᠠᠪᠤᠳᠠᠯ ᠢ ᠰᠤᠳᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号