4 ᠰᠠᠷ᠎ᠠ ᠶᠢᠨ 30 ᠤ ᠡᠳᠤᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ | ᠹᠸᠢ ᠯᠤ᠋ ᠲᠤᠭ ᠪᠠᠯᠭᠠᠰᠤᠨ ᠳᠤ ᠭᠥᠷᠴᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠭᠡᠷᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ | ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠤ | ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠲᠡᠳ᠋ ᠲᠠᠷᠤᠭ᠎ᠠ ᠯᠢ ᠵᠥᠩ ᠯᠢᠨ᠂ ᠬᠤᠰᠢᠭᠤ ᠲᠡᠳ᠋ ᠲᠠᠷᠤᠭ᠎ᠠ ᠪᠠᠶᠠᠠᠴᠠᠩᠭᠡᠯ ᠵᠢᠴᠢ ᠬᠤᠰᠢᠭᠤ | ᠵᠠᠰᠠᠭ ᠤᠨ ᠤᠷᠳᠤᠨ ᠤ ᠠᠯᠪᠠᠨ ᠭᠡᠷ᠂ ᠭᠥᠭᠵᠢᠭᠦᠯᠤᠯᠲᠠ ᠥᠭᠡᠷᠡᠴᠢᠯᠡᠯᠲᠡ ᠶᠢᠨ ᠵᠥᠪᠯᠠᠯ᠂ ᠡᠳ᠋ ᠤᠨ ᠵᠠᠰᠠᠭ ᠤᠨ | ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠵᠠᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ | ᠬᠠᠷᠢᠭᠤᠴᠠᠯᠭᠠᠳᠠᠨ ᠪᠠᠷᠠᠳᠠᠨ ᠪᠠᠶᠢᠴᠠᠭᠠᠬᠤ ᠶᠢᠨ ᠬᠠᠮᠳᠤ ᠰᠠᠭᠤᠳᠠᠯ ᠤᠨ ᠬᠤᠷᠠᠯ ᠳᠤ ᠤᠷᠤᠯᠴᠠᠪᠠ᠃ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ ᠰᠠᠭᠤᠳᠠᠯ ᠤᠨ ᠬᠤᠷᠠᠯ | ᠳᠤ ᠤᠷᠤᠯᠴᠠᠪᠠ᠃ | | | | | | | ᠵᠤᠤ ᠹᠸᠢ ᠯᠤ᠋ ᠨᠠᠷ ᠤᠷᠢᠳ ᠬᠤᠵᠢᠳ ᠲᠤᠭ ᠪᠠᠯᠭᠠᠰᠤᠨ ᠤ ᠰᠢᠷᠭᠠᠮᠤᠷᠢ ᠲᠤᠰᠬᠤᠨ ᠤ ᠭᠤᠷᠪᠠᠳᠤᠭᠠᠷ ᠠᠵᠤ | ᠦᠢᠯᠡᠰ ᠤᠨ ᠥᠢᠯᠡᠴᠢᠯᠡᠭᠡᠨ ᠤ ᠰᠠᠭᠤᠷᠢᠨ ᠭᠠᠵᠠᠷ᠂ ᠠᠭᠤᠷᠬᠠᠢ ᠶᠢᠨ ᠤᠷᠤᠨ ᠤ ᠠᠷᠠᠳ ᠢ ᠨᠡᠬᠦᠯᠬᠡᠬᠦ ᠭᠠᠵᠠᠷ ᠤᠨ | ᠰᠤᠩᠭᠤᠯᠳᠠ᠂ ᠬᠤᠵᠢᠷᠳᠤ ᠲᠤᠰᠬᠤᠨ ᠤ ᠲᠥᠷᠪᠡᠳᠤᠭᠡᠷ ᠬᠤᠷᠰᠢᠶ᠎ᠠ᠂ ᠭᠤᠷᠪᠠᠨ ᠲᠤᠰᠬᠤᠨ ᠬᠤᠯᠪᠤᠭᠠᠯᠠᠨ | ᠪᠠᠶᠢᠭᠤᠯᠤᠭᠰᠠᠨ ᠲᠤᠰᠬᠤᠨ ᠤ ᠵᠥᠪᠯᠠᠯ ᠤᠨ ᠰᠠᠭᠤᠭ᠎ᠠ ᠭᠠᠵᠠᠷ᠂ ᠲᠠᠷᠬᠠᠠᠯᠠᠮᠠ ᠭᠠᠴᠠᠭᠠᠨ ᠤ ᠶᠠᠳᠠᠭᠤ ᠭᠥᠴᠢᠷᠳᠠᠯᠳᠠᠢ | ᠡᠷᠤᠭᠡ ᠶᠢᠨ ᠪᠠᠷᠢᠮᠵᠢᠶᠠᠨ ᠳᠤ ᠣᠶᠢᠷᠠᠳᠴᠤ ᠪᠠᠶᠢᠭ᠎ᠠ ᠡᠷᠤᠬᠡ ᠪᠠᠶᠠᠠᠪᠤᠤ᠂ ᠨᠠᠷᠠᠠᠮᠠᠨᠳᠤᠯᠠ ᠶᠢᠨ ᠬᠢᠨ᠂ | ᠬᠤᠸᠠᠳᠤᠯᠤᠭᠠᠢ ᠭᠠᠴᠠᠭᠠᠨ ᠤ ᠥᠭᠡᠷ ᠲᠠᠵᠢᠭᠡᠭᠦ ᠲᠤᠮᠤ ᠡᠷᠤᠭᠡ ᠮᠥᠩᠭᠡᠵᠠᠶᠠᠭᠠ᠂ ᠵᠤᠭᠠᠴᠠᠯ ᠤᠨ ᠵᠤᠴᠢᠯᠠᠭ᠎ᠠ ᠶᠢᠨ | ᠡᠷᠤᠭᠡ ᠬᠠᠰᠪᠠᠶᠠᠷ ᠤᠨ ᠭᠡᠷ ᠲᠤ ᠭᠥᠷᠴᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠭᠡᠷᠡᠭᠵᠢᠭᠦᠯᠭᠦ᠂ ᠲᠤᠰᠬᠤᠨ ᠤ ᠬᠠᠮᠳᠤ ᠶᠢᠨ ᠠᠵᠤ ᠠᠬᠤᠢ ᠶᠢ ᠭᠥᠭᠵᠢᠭᠦᠯᠭᠦ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠤᠰᠤᠨ ᠤ ᠡᠭᠢ ᠪᠠᠶᠠᠯᠢᠭ ᠢ ᠶᠠᠷᠤᠩᠭᠡᠶᠢᠯᠠᠨ ᠠᠰᠢᠭᠯᠠᠬᠤ᠂ ᠠᠭᠤᠷᠬᠠᠢ | ᠶᠢᠨ ᠤᠷᠤᠨ ᠤ ᠨᠠᠭᠦᠳᠠᠯ ᠠᠷᠠᠳ᠂ ᠵᠠᠮ ᠬᠠᠷᠢᠯᠴᠠᠭ᠎ᠠ ᠵᠡᠷᠭᠡ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠪᠠ᠃ | | | | | | | ᠶᠠᠳᠠᠭᠤ ᠭᠥᠴᠢᠷᠳᠠᠯᠳᠠᠢ ᠡᠷᠤᠭᠡ ᠶᠢᠨ ᠪᠠᠷᠢᠮᠵᠢᠶᠠᠨ ᠳᠤ ᠣᠶᠢᠷᠠᠳᠴᠤ ᠪᠠᠶᠢᠭ᠎ᠠ ᠡᠷᠤᠬᠡ ᠪᠠᠶᠠᠠᠪᠤᠤ ᠪᠤᠯᠤᠨ | ᠨᠠᠷᠠᠠᠮᠠᠨᠳᠣᠯᠠ ᠶᠢᠨ ᠬᠢᠨ ᠳᠤ ᠵᠤᠤ ᠹᠸᠢ ᠯᠤ᠋ ᠲᠠᠳᠠᠨ ᠲᠠᠢ ᠲᠤᠳᠤᠨᠤᠰᠤᠭ ᠢᠶᠠᠷ ᠶᠠᠷᠢᠯᠴᠠᠨ ᠲᠠᠳᠠᠨ ᠤ | ᠥᠢᠯᠡᠳᠪᠤᠷᠢᠯᠠᠯ ᠠᠮᠢᠳᠤᠷᠠᠯ᠂ ᠮᠠᠯ ᠲᠠᠷᠢᠶᠠᠯᠠᠩ ᠤᠨ ᠠᠵᠤ ᠥᠢᠯᠡᠰ ᠤᠨ ᠭᠥᠭᠵᠢᠯᠳᠠ᠂ ᠪᠠᠩᠭᠢ ᠶᠢᠨ ᠵᠢᠭᠡᠯᠡᠯᠭᠡ | ᠵᠡᠷᠭᠡ ᠶᠢᠨ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠳᠤ ᠪᠠᠯᠭᠠᠰᠤ ᠲᠤᠰᠬᠤᠨ ᠤ ᠺᠠᠳ᠋ᠷ ᠲᠠᠢ ᠬᠠᠮᠳᠤ ᠪᠠᠷ ᠠᠵᠤ | ᠥᠢᠯᠡᠰ ᠤᠨ ᠭᠥᠭᠵᠢᠯᠳᠠ ᠶᠢᠨ ᠵᠠᠮ ᠢ ᠨᠢ ᠡᠷᠢᠯᠬᠢᠯᠡᠵᠦ ᠡᠨᠡ ᠵᠢᠯ ᠤᠨ ᠤᠷᠤᠯᠭ᠎ᠠ ᠵᠠᠷᠤᠯᠭ᠎ᠠ ᠶᠢᠨ ᠲᠠᠩᠰᠠ ᠶᠢ | ᠨᠠᠷᠢᠨ ᠪᠤᠳᠤᠵᠤ ᠥᠭᠪᠡ᠃ ᠵᠤᠤ ᠹᠸᠢ ᠯᠤ᠋ ᠲᠠᠳᠠᠨ ᠢ ᠨᠠᠮ ᠤᠨ ᠰᠠᠶᠢᠨ ᠲᠥᠷᠥ ᠶᠢᠨ ᠪᠤᠳᠤᠯᠭ᠎ᠠ᠂ ᠥᠪᠠᠷ ᠤᠨ | ᠰᠢᠷᠭᠠᠭᠤ ᠭᠥᠳᠡᠯᠮᠤᠷᠢ ᠪᠠᠷ ᠰᠠᠶᠢᠨ ᠰᠠᠶᠢᠬᠠᠨ ᠠᠮᠢᠳᠤᠷᠠᠯ ᠪᠠᠨ ᠴᠤᠭᠴᠠᠯᠠᠬᠤ ᠶᠢ ᠰᠠᠨᠠᠭᠤᠯᠵᠠᠢ᠃ | | | | | | | ᠥᠭᠡᠷ ᠲᠠᠵᠢᠭᠡᠭᠦ ᠲᠤᠮᠤ ᠡᠷᠤᠭᠡ ᠮᠥᠩᠭᠡᠵᠠᠶᠠᠭᠠ ᠶᠢᠨ ᠬᠢᠨ ᠳᠤ ᠵᠤᠤ ᠹᠸᠢ ᠯᠤ᠋᠂ ᠬᠤᠸᠠᠳᠤᠯᠤᠭᠠᠢ | ᠭᠠᠴᠠᠭᠠᠨ ᠤ ᠤᠷᠳᠤᠰ ᠨᠠᠷᠢᠨ ᠨᠤᠤᠰᠤᠳᠤ ᠬᠤᠨᠢ᠂ ᠮᠢᠬᠠᠨ ᠥᠭᠡᠷ ᠤᠨ ᠠᠵᠤ ᠥᠢᠯᠡᠰ ᠢ ᠬᠠᠮᠳᠤ ᠪᠠᠷ | ᠭᠥᠭᠵᠢᠭᠦᠯᠭᠦ ᠭᠡᠯᠪᠠᠷᠢ ᠶᠢᠨ ᠲᠤᠬᠠᠢ ᠨᠠᠷᠢᠨ ᠰᠤᠨᠤᠰᠤᠭᠰᠠᠨ ᠤ ᠲᠠᠷᠠᠭ᠎ᠠ ᠲᠠᠳᠠᠨ ᠤ ᠬᠢᠨ ᠢ ᠨᠠᠷᠢᠯᠢᠭᠵᠢᠭᠤᠯᠤᠨ | ᠬᠠᠮᠢᠶᠠᠷᠬᠤ᠂ ᠰᠢᠨᠵᠢᠯᠠᠭᠦ ᠤᠬᠠᠭᠠᠨᠴᠢ ᠪᠠᠷ ᠬᠠᠮᠢᠶᠠᠷᠤᠯᠳᠠ ᠭᠢᠭᠦ ᠲᠡᠭᠡᠷ᠎ᠡ ᠥᠷᠭᠦᠯᠵᠢᠯᠠᠨ ᠭᠥᠴᠤᠯᠠᠵᠦ ︽ᠨᠠᠮ ᠤᠨ | ᠡᠭᠦᠷ + ᠬᠤᠷᠰᠢᠶᠠᠵᠢᠯ + ᠶᠠᠳᠠᠭᠤ ᠭᠥᠴᠢᠷᠳᠠᠯᠳᠠᠢ ᠡᠷᠤᠭᠡ︾ ᠶᠢᠨ ᠭᠥᠭᠵᠢᠯᠲᠡ ᠶᠢᠨ ᠭᠡᠯᠪᠡᠷᠢ ᠮᠠᠶ᠋ᠢᠭ ᠢ | ᠢᠳᠡᠪᠭᠢᠳᠠᠢ ᠰᠥᠪᠡᠭᠴᠢᠯᠠᠨ ᠶᠠᠳᠠᠭᠤ ᠭᠥᠴᠢᠷᠳᠠᠯᠳᠠᠢ ᠡᠷᠤᠭᠡ ᠶᠢ ᠲᠠᠭᠠᠭᠤᠯᠤᠨ ᠤᠷᠤᠯᠭ᠎ᠠ ᠪᠠᠨ ᠨᠡᠮᠡᠭᠳᠡᠭᠦᠯᠵᠦ | ᠪᠠᠶᠠᠵᠢᠨ ᠴᠢᠨᠡᠭᠡᠯᠢᠭᠵᠢᠭᠦ ᠶᠢ ᠵᠤᠷᠢᠭᠵᠢᠭᠤᠯᠵᠠᠢ᠃ | | | | | | | ᠪᠠᠶᠢᠴᠠᠭᠠᠨ ᠰᠤᠳᠤᠯᠤᠯᠳᠠ ᠶᠢᠨ ᠲᠠᠷᠠᠭ᠎ᠠ ᠲᠤᠭ ᠪᠠᠯᠭᠠᠰᠤᠨ ᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃ | ᠬᠤᠷᠠᠯ ᠳᠤ ᠤᠷᠤᠯᠴᠠᠭᠰᠠᠨ ᠤᠳᠤᠷᠢᠳᠤᠯᠭ᠎ᠠ᠂ ᠡᠯ᠎ᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠨ᠂ ᠪᠠᠯᠭᠠᠰᠤ | ᠲᠤᠰᠬᠤᠨ ᠤ ᠬᠤᠶᠠᠷ ᠱᠠᠳᠤᠨ ᠤ ᠺᠠᠳ᠋ᠷ᠂ ᠮᠠᠯᠴᠢᠨ ᠲᠠᠷᠢᠶᠠᠴᠢᠨ ᠤ ᠲᠥᠯᠥᠭᠡᠯᠡᠭᠴᠢ ᠠᠴᠠ ᠭᠥᠳᠡᠭᠡ ᠲᠤᠰᠬᠤᠨ ᠢ | ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ ᠲᠤᠬᠠᠢ ᠠᠵᠢᠯ ᠢ ᠥᠷᠨᠢᠭᠦᠯᠵᠤ ᠪᠠᠶᠢᠭ᠎ᠠ | ᠪᠠᠶᠢᠳᠠᠯ᠂ ᠮᠠᠯᠴᠢᠨ ᠲᠠᠷᠢᠶᠠᠴᠢᠨ ᠤ ᠪᠤᠳᠤᠯ ᠰᠠᠨᠠᠯ᠂ ᠮᠠᠯᠵᠢᠬᠤ ᠲᠠᠷᠢᠶᠠᠯᠠᠬᠤ ᠤᠷᠤᠨ ᠤ ᠠᠵᠤ ᠥᠢᠯᠡᠰ ᠤᠨ | ᠭᠥᠭᠵᠢᠯᠳᠠ ᠵᠡᠷᠭᠡ ᠲᠠᠯ᠎ᠠ ᠪᠠᠷ ᠠᠷᠭ᠎ᠠ ᠪᠤᠳᠤᠯᠭ᠎ᠠ ᠪᠠᠨ ᠲᠠᠪᠰᠢᠭᠦᠯᠪᠠ᠃ ᠵᠤᠤ ᠹᠸᠢ ᠯᠤ᠋ ᠰᠤᠨᠤᠰᠬᠤ ᠶᠢᠨ ᠲᠠᠭᠠᠤ | ᠲᠠᠮᠳᠡᠭᠯᠠᠵᠤ ᠤᠯᠠᠨ ᠲᠠᠶᠠᠭᠠᠷ ᠲᠠᠢ ᠰᠠᠨᠠᠯ ᠢᠶᠠᠨ ᠰᠤᠯᠢᠯᠴᠠᠭᠰᠠᠨ ᠪᠠᠶᠢᠨ᠎ᠠ᠃ | | | | | | | ᠵᠤᠤ ᠹᠸᠢ ᠯᠤ᠋ ᠳ᠋ᠥᠩᠨᠡᠯᠳᠠ ᠶᠢᠨ ᠶᠠᠷᠢᠶᠠᠨ ᠳᠤ ᠪᠠᠨ ᠴᠢᠬᠤᠯᠠᠴᠢᠯᠠᠬᠤ ᠳᠤ ᠪᠠᠨ᠂ ᠰᠢ ᠶᠢᠨ ᠫᠢᠩ ᠶᠠᠷᠤᠩᠭᠡᠢ | ᠱᠥᠵᠢ ᠶᠢᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ | ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠲᠤᠭᠤᠰᠢᠯᠠᠭᠤᠯᠵᠦ ︽ᠲᠠᠪᠤ ᠶᠢ | ᠬᠦᠭᠵᠢᠬᠦᠯᠦᠨ ᠮᠠᠨᠳᠤᠭᠤᠯᠬᠤ︾ ᠱᠠᠭᠠᠷᠳᠠᠯᠭ᠎ᠠ ᠶᠢ ᠴᠢᠩᠭ᠎ᠠ ᠡᠵᠡᠮᠳᠠᠨ ᠲᠤᠬᠠᠢ ᠶᠢᠨ ᠭᠠᠵᠠᠷ ᠤᠨ ᠡᠭᠢ ᠪᠠᠶᠠᠯᠢᠭ ᠤᠨ | ᠲᠠᠪᠠᠭᠤᠯᠢᠭ ᠲᠤ ᠪᠠᠨ ᠲᠥᠰᠢᠭᠯᠡᠵᠦ ᠭᠠᠵᠠᠷ ᠤᠷᠤᠨ ᠳᠤ ᠨᠢ ᠲᠤᠭᠢᠷᠠᠭᠰᠠᠨ ᠲᠥᠷᠥ ᠶᠢᠨ ᠪᠤᠳᠤᠯᠭ᠎ᠠ ᠶᠢ | ᠭᠡᠷᠡᠭᠵᠢᠭᠦᠯᠭᠦ ᠭᠡᠷᠡᠭᠳᠠᠢ᠃ ᠪᠥᠭᠦᠶᠢᠯᠠ ᠴᠤᠭᠴᠠ ᠶᠢᠨ ᠲᠥᠯᠥᠪᠵᠢᠭᠦᠯᠭᠡ ᠪᠠᠷ ᠭᠥᠳᠤᠯᠤᠨ ᠲᠠᠭᠠᠭᠤᠯᠬᠤ ᠶᠢ ᠴᠢᠩᠭ᠎ᠠ | ᠠᠳᠬᠤᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠠᠢ ᠲᠥᠰᠤᠯ | ᠲᠥᠯᠤᠪᠵᠢᠭᠦᠯᠭᠡ ᠶᠢ ᠨᠠᠶᠢᠷᠠᠭᠤᠯᠤᠨ ᠵᠤᠭᠢᠶᠠᠵᠤ ᠲᠠᠭᠦᠯᠳᠠᠷᠵᠢᠭᠦᠯᠤᠨ ᠡᠯ᠎ᠠ ᠲᠥᠷᠤᠯ ᠤᠨ ᠡᠭᠦᠷᠭᠡ ᠶᠢ ᠪᠤᠳᠠᠳᠠᠢ ᠳᠤ | ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠳᠠᠢ᠃ ᠠᠭᠤᠷᠬᠠᠢ ᠶᠢᠨ ᠤᠷᠤᠨ ᠤ ᠮᠠᠯᠴᠢᠨ ᠲᠠᠷᠢᠶᠠᠴᠢᠨ ᠢ ᠤᠯᠠᠨ | ᠨᠠᠶᠢᠳᠠ ᠶᠢᠨ ᠰᠠᠭᠤᠷᠢ ᠲᠥᠭᠦᠭᠡᠷᠤᠮᠵᠢ ᠰᠠᠶᠢᠨ ᠤᠷᠤᠨ ᠲᠠᠰᠢ ᠨᠡᠭᠦᠯᠭᠡᠨ ᠰᠢᠯᠵᠢᠭᠦᠯᠬᠦ ᠶᠢ ᠵᠤᠷᠢᠭᠵᠢᠭᠤᠯᠬᠤ ᠶᠢᠨ | ᠬᠠᠮᠳᠤ ᠮᠠᠯᠴᠢᠨ ᠲᠠᠷᠢᠶᠠᠴᠢᠨ ᠤ ᠪᠤᠳᠤᠯ ᠰᠠᠨᠠᠭ᠎ᠠ ᠶᠢ ᠤᠶᠢᠯᠠᠭᠠᠨ ᠨᠠᠭᠦᠳᠠᠯ ᠠᠷᠠᠳ ᠤᠨ ᠲᠤᠭᠤᠷᠢᠭ ᠤᠨ | ᠲᠥᠯᠥᠪᠵᠢᠭᠦᠯᠭᠡ ᠪᠥᠳᠥᠭᠡᠨ ᠪᠠᠶᠢᠭᠤᠯᠤᠯᠳᠠ ᠶᠢ ᠲᠥᠷᠭᠡᠳᠭᠡᠵᠦ ᠱᠠᠳᠤ ᠬᠤᠪᠢᠶᠠᠨ ᠭᠡᠷᠡᠭᠵᠢᠭᠦᠯᠭᠦ ᠭᠡᠷᠡᠭᠳᠠᠢ᠃ | ᠨᠡᠭᠦᠳᠠᠯ ᠠᠷᠠᠳ ᠤᠨ ᠲᠤᠭᠤᠷᠢᠭ ᠤᠨ ᠴᠠᠭᠢᠯᠭᠠᠨ ᠬᠠᠩᠭᠠᠯᠳᠠ᠂ ᠲᠤᠯᠠᠭᠠᠯᠠᠭ᠎ᠠ᠂ ᠬᠤᠭ ᠨᠤᠪᠰᠢ ᠶᠢ ᠰᠶᠢᠳᠪᠤᠷᠢᠯᠠᠭᠦ | ᠵᠡᠷᠭᠡ ᠰᠠᠭᠤᠷᠢ ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠳᠠ ᠶᠢ ᠨᠢᠭᠡᠳᠤᠯᠳᠠᠢ ᠲᠥᠯᠥᠪᠵᠢᠭᠦᠯᠵᠤ ᠤᠰᠤᠨ ᠤ ᠡᠭᠢ | ᠪᠠᠶᠠᠯᠢᠭ ᠢ ᠶᠠᠷᠤᠩᠭᠡᠶᠢᠯᠠᠨ ᠠᠰᠢᠭᠯᠠᠬᠤ ᠵᠡᠷᠭᠡ ᠶᠢᠨ ᠠᠵᠢᠯ ᠢ ᠲᠥᠷᠭᠡᠨ ᠠᠭᠢᠭᠤᠯᠬᠤ ᠭᠡᠷᠡᠭᠳᠠᠢ ᠭᠡᠵᠡᠢ᠃ | | |