ᠬᠤᠰᠢᠭᠤ ᠬᠢᠨᠠᠨ ᠪᠣᠳᠣᠬᠤ ᠲᠣᠪᠴᠢᠶ᠎ᠠ 2019 ᠣᠨ ᠤ ᠬᠢᠨᠠᠨ ᠪᠣᠳᠣᠬᠤ ᠲᠤᠬᠠᠶᠢᠯᠠᠭᠰᠠᠨ ᠠᠵᠢᠯ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-05-08
     ᠤᠶᠢᠷ᠎ᠠ ᠶᠢᠨ ᠡᠳᠤᠷ᠂ ᠬᠤᠰᠢᠭᠤ ᠬᠢᠨᠠᠨ ᠪᠣᠳᠣᠬᠤ ᠲᠤᠪᠴᠢᠶᠠᠨ ᠤ ᠨᠠᠮ ᠤᠨ ᠤᠳᠤᠷᠢᠳᠬᠤ  ᠲᠣᠭᠤᠶᠢᠯᠠᠩ 2019 ᠣᠨ ᠤ ᠬᠢᠨᠠᠨ ᠪᠣᠳᠣᠬᠤ ᠲᠤᠬᠠᠶᠢᠯᠠᠭᠰᠠᠨ ᠠᠵᠢᠯ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠵᠢᠨ‌ᠠᠵᠢᠯ ᠤᠨ ᠬᠤᠷᠠᠯ ᠢ ᠬᠤᠷᠠᠯᠳᠤᠭᠤᠯᠵᠤ 2019 ᠤᠨ ᠤ ᠬᠢᠨᠠᠨ ᠪᠤᠳᠤᠬᠤ ᠠᠵᠢᠯ ᠤᠨ ᠡᠬᠦᠷᠭᠡ ᠪᠠ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠶᠢ ᠪᠠᠶᠢᠷᠢᠯᠠᠭᠤᠯᠪᠠ᠃ ᠲᠤᠪᠴᠢᠶᠠᠨ ᠤ ᠤᠳᠤᠷᠢᠳᠤᠯᠭ᠎ᠠ᠂ ᠲᠤᠮᠢᠯᠠᠨ ᠰᠠᠭᠤᠭᠰᠠᠨ ᠰᠠᠬᠢᠯᠭ᠎ᠠ ᠪᠠᠲᠤ ᠪᠠᠶᠢᠴᠠᠭᠠᠬᠤ ᠲᠣᠭᠤᠶᠢᠯᠠᠩ ᠤᠨ ᠬᠠᠷᠢᠭᠤᠴᠠᠯᠭᠠᠲᠠᠨ ᠪᠣᠯᠣᠨ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠬᠤ ᠳᠤ ᠪᠠᠨ 2018 ᠤᠨ ᠠᠴᠠ ᠨᠠᠰᠢ ᠬᠤᠰᠢᠭᠤ ᠬᠢᠨᠠᠨ ᠪᠤᠳᠤᠬᠤ ᠲᠤᠪᠴᠢᠶ᠎ᠠ ᠰᠢ  ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ᠂ ᠡᠯ᠎ᠡ ᠱᠠᠲᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠥᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠭᠰᠠᠨ ᠪᠠᠶᠢᠨ᠎ᠠ᠃ 2019 ᠤᠨ ᠳᠤ ︽ᠲᠦᠷᠪᠡᠨ ᠤᠬᠠᠮᠰᠠᠷ︾ ᠢ ᠪᠠᠲᠤ ᠪᠠᠬᠢ ᠪᠣᠢ ᠪᠣᠯᠭᠠᠵᠤ  ︽ᠲᠦᠷᠪᠡᠨ ᠢᠲᠡᠭᠡᠯ︾ ᠢ ᠪᠠᠲᠤᠳᠬᠠᠨ ︽ᠬᠤᠶᠠᠷ ᠢ ᠬᠠᠮᠠᠭᠠᠯᠠᠬᠤ︾ ᠶᠢ ᠦᠢᠯᠡᠳᠤᠯᠭᠡᠵᠢᠭᠦᠯᠵᠤ ᠨᠠᠮ ᠤᠨ ᠤᠯᠤᠰ ᠲᠦᠷᠣ ᠶᠢᠨ ᠪᠠᠶᠢᠭᠤᠯᠤᠯᠲᠠ ᠪᠠᠷ ᠤᠳᠤᠷᠢᠳᠤᠭᠤᠯᠤᠨ ᠬᠢᠨᠠᠨ ᠪᠤᠳᠤᠬᠤ ᠤᠶᠢᠯᠡᠰ ᠤᠨ ᠰᠢᠯᠢᠳᠡᠭ ᠰᠠᠶᠢᠨ ᠦᠷ᠎ᠡ ᠪᠦᠳᠤᠮᠵᠢ ᠣᠯᠬᠤ ᠬᠡᠷᠡᠭᠲᠠᠢ ᠭᠡᠪᠡ᠃      ᠬᠤᠷᠠᠯ ᠲᠡᠭᠡᠷ᠎ᠡ ᠲᠣᠪᠴᠢᠶᠠᠨ ᠤ ᠭᠤᠣᠯ ᠬᠠᠷᠢᠭᠤᠴᠠᠯᠭᠠᠲᠠᠨ ᠪᠣᠯᠣᠨ ᠡᠯ᠎ᠡ ᠲᠠᠰᠤᠭ ᠤᠨ ᠬᠠᠷᠢᠭᠤᠴᠠᠯᠭᠠᠲᠠᠨ 2019 ᠣᠨ ᠤ ᠨᠠᠮ ᠤᠨ ᠰᠣᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠪᠢᠴᠢᠭ ᠳᠡᠭᠡᠷ᠎ᠡ ᠭᠠᠷ ᠤᠨ ᠦᠰᠦᠭ ᠵᠢᠷᠣᠵᠤ ᠬᠠᠷᠢᠭᠤᠴᠠᠯᠭ᠎ᠠ ᠪᠠᠨ ᠪᠣᠳᠠᠳᠠᠶᠢᠵᠢᠭᠤᠯᠤᠨ ᠨᠠᠮ ᠤᠨ ᠰᠣᠷᠲᠠᠯ ᠴᠢᠭᠡᠴᠢ ᠵᠠᠰᠠᠭ  ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠤᠭᠦᠯᠵᠤ ᠢᠯᠵᠢᠷᠡᠯ ᠢ ᠡᠰᠡᠷᠭᠦᠴᠡᠬᠦ ᠶᠢ ᠦᠵᠡᠯᠲᠡ ᠶᠢ ᠤᠯᠠᠮ ᠨᠢᠭᠡ ᠠᠯᠬᠤᠮ ᠪᠠᠬᠢᠵᠢᠭᠦᠯᠵᠤ ᠪᠦᠬᠦ ᠺᠠᠳ᠋ᠷ ᠠᠵᠢᠯᠲᠠᠨ ᠤ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢᠶᠠᠨ ᠴᠢᠩᠭᠠᠳᠬᠠᠬᠤ ᠶᠢ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠦᠤᠰᠢᠨ ᠬᠤᠰᠢᠭᠤᠨ ᠤ ᠬᠢᠨᠠᠨ ᠪᠤᠳᠤᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号