4 ᠰᠠᠷ᠎ᠠ ᠶᠢᠨ 28 ᠤ ᠡᠳᠦᠷ 2019 ᠣᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠳᠦᠯᠦᠬᠡᠯᠡᠭᠴᠢᠳ ᠤᠨ ᠰᠠᠨᠠᠭᠤᠯᠭ᠎ᠠ ᠪᠣᠯᠣᠨ ᠣᠯᠣᠰ ᠳᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠯᠭ᠎ᠠ ᠶᠢ | ᠰᠢᠯᠵᠢᠬᠦᠯᠦᠨ ᠬᠦᠢᠴᠡᠳᠬᠡᠬᠦ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ | ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠣᠶᠠᠨᠮᠠᠨᠳᠣᠬᠤ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠶᠢᠨ ᠳᠡᠷᠢᠬᠦᠯᠡᠭᠴᠢ ᠬᠤᠣ ᠸᠧᠢ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠣᠯᠣᠰ ᠳᠦᠷᠦ ᠬᠠᠣᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠲᠣ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ | ᠣᠳᠣᠷᠢᠳᠣᠯᠭ᠎ᠠ ᠸᠠᠩ ᠶᠦᠩ ᠴᠢᠩ᠂ ᠸᠠᠩ ᠵᠢᠷᠭᠠᠯ᠂ ᠯᠧᠢ ᠬᠠᠰ᠂ ᠸᠠᠩ ᠭᠠᠩ᠂ ᠣᠶᠣᠨᠪᠢᠯᠢᠭ᠌᠂ ᠬᠤᠰᠢᠭᠤ | ᠳᠦᠷᠪᠡᠨ ᠶᠡᠭᠡ ᠣᠳᠣᠷᠢᠳᠬᠤ ᠪᠠᠭ ᠤᠨ ᠠᠯᠪᠠᠨ ᠬᠡᠷ ᠤᠨ ᠬᠠᠷᠢᠭᠤᠴᠠᠯᠭᠠᠳᠠᠨ᠂ ᠬᠤᠰᠢᠭᠤ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠣᠩᠭᠤᠭᠤᠯᠢ ᠳᠤ ᠳᠣᠮᠢᠯᠠᠵᠦ | ᠣᠭᠴᠠᠷᠠᠭᠤᠯᠬᠤ ᠠᠵᠢᠯ ᠤᠨ ᠬᠤᠯᠪᠤᠭᠠᠯᠠᠭᠰᠠᠨ ᠵᠦᠪᠯᠡᠯ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠰᠠᠨᠠᠯ | ᠳᠣᠷᠠᠳᠣᠯᠭ᠎ᠠ ᠪᠠ ᠠᠵᠣ ᠠᠬᠤᠢ ᠣᠷᠴᠢᠨ ᠳᠣᠭᠤᠷᠢᠨ ᠡᠬᠢ ᠪᠠᠶᠠᠯᠢᠭ ᠤᠨ ᠵᠦᠪᠯᠡᠯ᠂ ᠦᠨᠳᠦᠰᠦᠳᠡᠨ ᠱᠠᠰᠢᠨ | ᠰᠣᠷᠳᠠᠬᠤᠨ ᠪᠠ ᠬᠠᠣᠯᠢ ᠲᠥᠷᠢᠮ ᠤᠨ ᠵᠦᠪᠯᠡᠯ ᠤᠨ ᠬᠠᠷᠢᠭᠤᠴᠠᠯᠭᠠᠳᠠᠨ ᠵᠢᠴᠢ ᠡᠯ᠎ᠡ ᠳᠣᠭᠤᠷᠢᠭ ︵ᠬᠦᠷᠢᠶᠡᠯᠡᠩ︶᠂ | ᠡᠯ᠎ᠡ ᠰᠣᠮᠣ ᠪᠠᠯᠭᠠᠰᠣ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠵᠡᠷᠭᠡ | ᠳᠠᠭᠠᠭᠠᠴᠢᠯᠠᠭᠰᠠᠨ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠸᠠᠩ ᠵᠢᠷᠭᠠᠯ ᠪᠠ ᠸᠠᠩ ᠭᠠᠩ ᠲᠤᠰ ᠲᠤᠰ ᠬᠤᠰᠢᠭᠤ ᠠᠷᠪᠠᠨ ᠳᠣᠯᠣᠳᠣᠭᠠᠷ | ᠬᠤᠭᠤᠴᠠᠭᠠᠨ ᠤ ᠭᠤᠷᠪᠠᠳᠣᠭᠠᠷ ᠣᠳᠠᠭᠠᠨ ᠤ ᠬᠤᠷᠠᠯ ᠲᠡᠭᠡᠷᠡᠬᠢ ᠳᠦᠯᠦᠬᠡᠯᠡᠭᠴᠢᠳ ᠤᠨ ᠰᠠᠨᠠᠭᠤᠯᠭ᠎ᠠ ᠪᠠ ᠣᠯᠣᠰ | ᠳᠦᠷᠦ ᠶᠢᠨ ᠵᠦᠪᠯᠡᠯᠬᠡᠨ ᠤ ᠠᠷᠪᠠᠨ ᠳᠦᠷᠪᠡᠳᠦᠬᠡᠷ ᠬᠤᠭᠤᠴᠠᠭᠠᠨ ᠤ ᠬᠤᠶᠠᠳᠣᠭᠠᠷ ᠣᠳᠠᠭᠠᠨ ᠤ ᠬᠤᠷᠠᠯ ᠲᠡᠭᠡᠷᠡᠬᠢ | ᠬᠡᠰᠢᠬᠦᠳ ᠤᠨ ᠲᠤᠷᠠᠳᠤᠯᠭ᠎ᠠ ᠶᠢᠨ ᠪᠠᠶᠢᠳᠠᠯ ᠤᠨ ᠳᠣᠬᠠᠢ ᠳᠠᠨᠢᠯᠴᠠᠭᠤᠯᠬᠤ ᠶᠢᠨ ᠬᠠᠮᠲᠣ ᠪᠠᠶᠢᠷᠢᠯᠠᠭᠤᠯᠣᠯᠲᠠ ᠬᠢᠪᠡ᠃ | ᠬᠤᠷᠠᠯ ᠳᠡᠭᠡᠷ᠎ᠡ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢᠳ ᠤᠨ ᠰᠠᠨᠠᠭᠤᠯᠭ᠎ᠠ ᠪᠣᠯᠣᠨ | ᠣᠯᠣᠰ ᠳᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠯᠭ᠎ᠠ ᠶᠢ ᠭᠠᠷ ᠤᠨ ᠦᠰᠦᠭ ᠵᠢᠷᠣᠵᠦ ᠰᠢᠯᠵᠢᠬᠦᠯᠪᠡ᠃ | ᠬᠤᠷᠠᠯ ᠳᠡᠭᠡᠷ᠎ᠡ᠂ ᠰᠣᠷᠭᠠᠯᠲᠣ ᠡᠯ᠎ᠡ ᠳᠠᠭᠠᠭᠠᠴᠢᠯᠠᠭᠰᠠᠨ ᠪᠠᠶᠢᠭᠤᠯᠭ᠎ᠠ ᠨᠢᠭᠡᠴᠢ ᠣᠯᠣᠰ ᠳᠦᠷᠦ ᠶᠢᠨ | ᠵᠣᠭᠰᠣᠴᠡ ᠪᠠᠨ ᠳᠡᠭᠡᠭᠰᠢᠯᠡᠬᠦᠯᠵᠦ ᠳᠠᠨᠢᠯᠳᠠ ᠪᠠᠨ ᠴᠢᠩᠭᠠᠳᠬᠠᠵᠦ ᠰᠢᠯᠵᠢᠬᠦᠯᠦᠨ ᠬᠦᠢᠴᠡᠳᠬᠡᠬᠦ ᠠᠵᠢᠯ ᠢ ᠳᠡᠭᠡᠲᠦ | ᠬᠡᠮᠵᠢᠶ᠎ᠡ ᠪᠠᠷ ᠴᠢᠬᠤᠯᠠᠴᠢᠯᠠᠵᠦ ᠳᠦᠯᠦᠬᠡᠯᠡᠭᠴᠢᠳ ᠤᠨ ᠰᠠᠨᠠᠭᠤᠯᠭ᠎ᠠ ᠪᠣᠯᠣᠨ ᠣᠯᠣᠰ ᠳᠦᠷᠦ ᠶᠢᠨ ᠵᠦᠪᠯᠡᠯᠬᠡᠨ ᠤ | ᠬᠡᠰᠢᠬᠦᠳ ᠤᠨ ᠲᠤᠷᠠᠳᠤᠯᠭ᠎ᠠ ᠶᠢ ᠰᠢᠯᠵᠢᠬᠦᠯᠦᠨ ᠬᠦᠢᠴᠡᠳᠬᠡᠬᠦ ᠠᠵᠢᠯ ᠤᠨ ᠪᠣᠳᠠᠳᠠᠢ ᠦᠷ᠎ᠡ ᠪᠦᠲᠦᠮᠵᠢ ᠶᠢ ᠣᠯᠬᠤ | ᠬᠡᠷᠡᠭᠲᠡᠢ᠃ ᠰᠢᠯᠵᠢᠬᠦᠯᠦᠨ ᠬᠦᠢᠴᠡᠳᠭᠡᠬᠦ ᠠᠵᠢᠯ ᠤᠨ ᠳᠣᠮᠳᠠᠬᠢ ᠰᠠᠶᠢᠨ ᠳᠣᠷᠰᠢᠯᠭ᠎ᠠ᠂ ᠰᠠᠶᠢᠨ ᠠᠷᠭ᠎ᠠ ᠪᠠᠷᠢᠯ ᠢ | ᠳ᠋ᠦᠩᠨᠡᠵᠦ ᠠᠷᠭ᠎ᠠ ᠪᠠᠷᠢᠯ ᠢᠶᠠᠨ ᠣᠯᠠᠮ ᠰᠠᠶᠢᠵᠢᠷᠠᠭᠤᠯᠵᠦ ᠳᠦᠯᠦᠬᠡᠯᠡᠭᠴᠢᠳ ᠤᠨ ᠰᠠᠨᠠᠭᠤᠯᠭ᠎ᠠ ᠪᠣᠯᠣᠨ ᠣᠯᠣᠰ | ᠳᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠯᠭ᠎ᠠ ᠶᠢ ᠰᠢᠯᠵᠢᠬᠦᠯᠦᠨ ᠬᠦᠢᠴᠡᠳᠬᠡᠬᠦ ᠠᠵᠢᠯ ᠢ ᠦᠨᠡᠨᠬᠦ | ᠰᠠᠶᠢᠳᠣᠷ ᠬᠢᠬᠦ ᠬᠡᠷᠡᠭᠲᠡᠢ ᠬᠡᠵᠦ ᠴᠢᠬᠤᠯᠠᠴᠢᠯᠠᠪᠠ᠃ |