6 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠰᠢᠭᠤᠨ ᠤ 2019 ᠤᠨ ᠤ ᠶᠡᠭᠡ ᠲᠡᠭᠡᠳᠦ | ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠬᠤᠰᠢᠭᠤ ᠳᠡᠭᠡᠳᠣ ᠵᠡᠷᠭᠡ ᠶᠢᠨ ᠳᠣᠮᠳᠡᠳᠣ ᠰᠣᠷᠭᠠᠭᠤᠯᠢ ᠳᠤ ᠶᠠᠪᠤᠭᠳᠠᠨ | 474 ᠨᠠᠷᠡᠰ ᠰᠣᠷᠣᠭᠴᠢ ᠰᠢᠯᠭᠠᠯᠳ᠋ᠨ ᠳᠤ ᠤᠷᠤᠯᠴᠠᠪᠠ᠃ | ᠦᠳᠡ ᠶᠢᠨ ᠡᠮᠦᠨ᠎ᠡ ᠶᠢᠨ 8 ᠴᠠᠭ ᠤᠨ ᠦᠶᠡᠰ ᠢᠶᠠᠷ ᠤᠷᠳᠤᠰ ᠬᠤᠲᠠ ᠶᠢᠨ ᠮᠤᠩᠭᠤᠯ ᠬᠤᠶᠠᠳᠤᠭᠠᠷ ᠲᠤᠮᠳᠠᠳᠤ | ᠰᠤᠷᠭᠠᠭᠤᠯᠢ ᠶᠢᠨ ᠰᠤᠷᠤᠭᠴᠢᠳ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠲᠠᠯᠠᠪᠠᠢ ᠤᠷᠤᠭᠤ | ᠮᠣᠷᠳᠠᠵᠣ ᠢᠲᠡᠭᠡᠯ ᠲᠦᠭᠦᠷᠡᠩ ᠰᠢᠯᠭᠠᠯᠲᠠ ᠶᠢᠨ ᠲᠠᠯᠠᠪᠠᠢ ᠳᠤ ᠪᠠᠨ ᠣᠷᠣᠯ᠎ᠠ᠃ ᠰᠤᠷᠤᠭᠴᠢᠳ ᠤᠨ ᠰᠢᠯᠭᠠᠯᠲᠠ ᠶᠢᠨ | ᠲᠠᠯᠠᠪᠠᠢ ᠶᠢᠨ ᠭᠠᠳᠠᠨ᠎ᠠ ᠬᠦᠯᠢᠶᠡᠭᠰᠡᠨ ᠪᠠᠭᠰᠢ ᠨᠠᠷ ᠪᠤᠯᠤᠨ ᠭᠡᠷ ᠤᠨ ᠠᠬᠠᠮᠠᠳ ᠰᠣᠷᠣᠭᠴᠢᠳ ᠤᠨ ᠰᠢᠯᠭᠠᠯᠲᠠ ᠶᠢᠨ ᠲᠠᠯᠠᠪᠠᠢ | ᠠᠴᠠ ᠦᠨᠳᠦᠷ ᠬᠢᠷᠢ ᠪᠦᠲᠦᠮᠵᠢᠲᠡᠢ ᠪᠠᠷ ᠭᠠᠷᠴᠤ ᠢᠷᠡᠬᠦ ᠶᠢ ᠪᠡᠷᠠᠯᠠᠵᠣ ᠪᠡᠶᠢᠪᠠ᠃ | ᠴᠠᠭ ᠠᠭᠤᠷ ᠤᠨ ᠰᠠᠯᠠᠭ᠎ᠠ ᠠᠴᠠ ᠤᠶᠢᠯᠠᠭᠠᠭᠰᠠᠨ ᠢᠶᠠᠷ᠂ ᠡᠨᠡ ᠵᠢᠯ ᠤᠨ ᠶᠡᠭᠡ ᠳᠡᠭᠡᠳᠤ ᠰᠤᠷᠭᠠᠭᠤᠯᠢ ᠶᠢᠨ | ᠰᠢᠯᠭᠠᠯᠲᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠴᠠᠭ ᠠᠭᠤᠷ ᠤᠨ ᠪᠠᠶᠢᠳᠠᠯ ᠨᠢ ᠴᠡᠯᠮᠡᠭ ᠠᠴᠠ ᠪᠦᠷᠭᠦᠭᠰᠢᠵᠣ | ᠰᠢᠯᠠᠭᠠᠭᠤᠯᠤᠭᠰᠠᠳ ᠲᠤ ᠨᠡᠯᠢᠶᠡᠳ ᠰᠠᠶᠢᠨ ᠴᠠᠭ ᠠᠮᠢᠰᠬᠤᠯ ᠤᠨ ᠨᠦᠬᠦᠴᠡᠯ ᠢ ᠪᠦᠷᠢᠯᠳᠦᠭᠦᠯᠵᠣ ᠦᠭᠬᠦᠭᠰᠡᠨ ᠪᠠᠶᠢᠨ᠎ᠠ᠃ | ᠰᠢᠯᠭᠠᠯᠲᠠ ᠶᠢᠨ ᠬᠤᠭᠤᠴᠠᠭᠠᠨ ᠳᠤ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠲᠡᠰ᠂ ᠲᠤᠲᠤᠭᠠᠳᠤ ᠶᠢ | ᠬᠠᠮᠠᠭᠠᠯᠠᠬᠤ ᠲᠤᠪᠴᠢᠶ᠎ᠠ᠂ ᠴᠠᠬᠢᠯᠭᠠᠨ ᠭᠦᠴᠦᠨ᠂ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠥᠯᠢ | ᠬᠡᠷᠡᠭᠵᠢᠬᠦᠯᠬᠦ ᠳᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠤᠬᠠᠢ ᠶᠢᠨ ᠲᠠᠯᠠᠪᠠᠢ ᠳᠤ ᠬᠠᠮᠲᠤᠪᠠᠷ | ᠵᠢᠯᠣᠭᠤᠳᠣᠯᠭ᠎ᠠ ᠬᠢᠵᠦ ᠰᠢᠯᠭᠠᠭᠤᠯᠤᠭᠰᠠᠳ ᠲᠤ ᠵᠠᠮ ᠬᠠᠷᠢᠯᠴᠠᠭ᠎ᠠ᠂ ᠡᠮᠴᠢᠯᠡᠭᠡ᠂ ᠭᠠᠯ ᠤᠨ ᠰᠡᠷᠭᠡᠶᠢᠯᠡᠯᠲᠡ ᠵᠡᠷᠭᠡ ᠲᠠᠯ᠎ᠠ | ᠶᠢᠨ ᠦᠢᠯᠡᠴᠢᠯᠡᠭᠡ ᠶᠢ ᠬᠠᠩᠭᠠᠵᠦ ᠠᠮᠤᠷ ᠲᠦᠪᠰᠢᠨ ᠢ ᠨᠢ ᠪᠠᠲᠤᠯᠠᠯ᠎ᠠ᠃ ᠡᠭᠦᠨ ᠤ ᠬᠠᠮᠲᠤ ᠬᠤᠲᠠ ᠶᠢᠨ ᠬᠠᠮᠢᠶᠠᠷᠤᠯᠲᠠ | ᠶᠢᠨ ᠵᠠᠰᠠᠭ ᠵᠠᠬᠢᠷᠠᠭᠠᠨ ᠤ ᠬᠠᠥᠯᠢ ᠬᠡᠷᠡᠭᠵᠢᠭᠦᠯᠬᠦ ᠰᠠᠯᠠᠭ᠎ᠠ ᠮᠦᠴᠢᠷ ᠠᠴᠠ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ᠂ | ᠰᠠᠶᠢᠨ ᠲᠤᠷᠠᠴᠤᠤᠯ ᠂ ᠵᠢᠭᠠᠨ ᠰᠣᠷᠭᠠᠯᠳᠠ᠂ ᠰᠡᠳᠬᠢᠴᠡ ᠶᠢ ᠵᠢᠭᠠᠨ ᠵᠢᠯᠤᠭᠤᠳᠬᠤ ᠲᠦᠪ ᠵᠡᠷᠭᠡ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠬᠠᠮᠳᠣᠷᠠᠯᠴᠡᠨ 12 ᠲᠦᠷᠦᠯ ᠤᠨ ᠣᠶᠢᠯᠡᠴᠢᠯᠡᠬᠡᠨ ᠤ ᠲᠤᠭᠤᠶᠢᠯᠠᠩ ᠢ ᠵᠤᠬᠢᠶᠠᠨ ᠪᠠᠶᠢᠭᠤᠯᠵᠤ ᠰᠢᠯᠭᠠᠯᠳᠠ ᠳᠤ | ᠣᠷᠣᠯᠴᠠᠭᠰᠠᠳ ᠲᠤ ᠪᠡᠶ᠎ᠠ ᠰᠡᠳᠬᠢᠴᠡ ᠪᠤᠯᠤᠨ ᠰᠣᠷᠭᠠᠨ ᠬᠦᠮᠣᠵᠢᠯ ᠤᠨ ᠳᠣᠰᠠᠯᠠᠨ ᠳᠡᠳᠬᠦᠯᠳᠡ ᠶᠢᠨ ᠳᠦᠷᠣ ᠶᠢᠨ | ᠪᠣᠳᠣᠯᠭ᠎ᠠ ᠶᠢᠨ ᠯᠠᠪᠯᠡᠯᠳᠡ ᠵᠡᠷᠭᠡ ᠣᠯᠠᠨ ᠳᠠᠯ᠎ᠠ ᠶᠢᠨ ᠦᠢᠯᠡᠴᠢᠯᠡᠭᠡ ᠶᠢ ᠬᠠᠨᠭ᠍ᠭᠠᠭᠰᠠᠨ ᠪᠠᠶᠢᠨ᠎ᠠ᠃ | ᠬᠤᠰᠢᠭᠤ ᠤᠳᠤᠷᠢᠳᠤᠯᠭ᠎ᠠ ᠾᠧ ᠤᠯᠠᠭᠠᠨ᠂ ᠪᠠᠶᠠᠨᠴᠢᠮᠡᠭ ᠨᠠᠷ ᠰᠢᠯᠠᠭᠠᠯᠳᠠ ᠶᠢᠨ ᠲᠠᠯᠠᠪᠠᠢ ᠪᠠᠷ ᠭᠦᠷᠴᠣ ᠠᠬᠤᠢ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ |