2018 ᠣᠨ ᠤ ᠪᠦᠬᠦ ᠬᠤᠰᠢᠭᠤᠨ ᠤ ︽ᠲᠦᠷᠪᠡᠨ ᠰᠠᠶᠢᠳᠠᠢ ᠬᠦᠳᠡᠭᠡ ᠲᠤᠰᠬᠤᠨ ᠤ ᠵᠠᠮ︾ ᠤᠨ ᠠᠵᠢᠯ ᠤᠨ ᠲᠡᠷᠢᠬᠦᠨ ᠤ ᠨᠢᠭᠡᠴᠢ ᠶᠢ ᠱᠠᠩᠨᠠᠨ ᠬᠦᠬᠢᠬᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019-06-12
ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      2018 ᠣᠨ ᠳᠤ᠂ ᠮᠠᠨ ᠤ ᠬᠤᠰᠢᠭᠤ ᠰᠢ ᠶᠢᠨ ᠫᠢᠩ ᠶᠡᠷᠦᠩᠬᠡᠢ ᠱᠦᠵᠢ ᠶᠢᠨ ︽ᠲᠦᠷᠪᠡᠨ ᠰᠠᠶᠢᠳᠠᠢ ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭᠠᠨ ᠤ ᠲᠤᠭᠤᠷᠢᠨ ᠳᠤ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠢᠷᠢ ᠲᠦᠪᠰᠢᠨ᠂ ᠠᠮᠤᠷ ᠲᠦᠪᠰᠢᠨ ᠤ ᠨᠦᠬᠦᠴᠡᠯ ᠪᠤᠯᠤᠨ ᠵᠠᠮ ᠳᠠᠭᠠᠤ ᠤᠷᠴᠢᠨ ᠲᠤᠭᠤᠷᠢᠨ ᠢ ᠳᠠᠰᠤᠷᠠᠯᠲᠠ ᠦᠬᠡᠢ ᠰᠠᠶᠢᠵᠢᠷᠠᠭᠤᠯᠤᠨ ︽ᠲᠦᠷᠪᠡᠨ ᠰᠠᠶᠢᠳᠠᠢ ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠦ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠬᠦᠯᠬᠦ ᠳᠤ ᠬᠦᠴᠦᠲᠤ ᠲᠤᠯᠭᠠᠭᠤᠷᠢᠯᠠᠯ ᠬᠠᠩᠭᠠᠪᠠ᠃ ᠡᠯ᠎ᠡ ᠰᠤᠮᠤ ᠪᠠᠯᠭᠠᠰᠤ ᠨᠢ ᠪᠤᠳᠠᠳᠠᠢ ᠠᠵᠢᠯ ᠤᠨ ᠳᠤᠮᠳᠠ ᠭᠤᠤᠯ ᠴᠤᠭᠴᠠ  ᠶᠢᠨ ᠬᠠᠷᠢᠭᠤᠴᠠᠯᠭ᠎ᠠ ᠪᠠᠨ ᠤᠯᠠᠮ ᠨᠢᠬᠡ ᠠᠯᠬᠤᠮ ᠴᠢᠩᠭᠠᠳᠬᠠᠵᠦ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ  ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠬᠦᠨ ᠤ ᠵᠠᠮ ᠰᠣᠪᠠᠭ ᠢ ᠦᠷᠭᠡᠳᠬᠡᠨ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠦᠲᠦᠮᠵᠢᠲᠡᠢ ᠲᠤᠭᠲᠠᠯᠴᠠᠭ᠎ᠠ ᠶᠢ ᠪᠠᠶᠢᠭᠤᠯᠵᠦ ᠲᠡᠭᠦᠯᠳᠡᠷᠵᠢᠬᠦᠯᠤᠨ ᠮᠡᠳᠡᠭᠳᠡᠮ᠎ᠡ ᠦᠷ᠎ᠡ ᠪᠦᠲᠦᠮᠵᠢ ᠤᠯᠵᠦ ᠨᠢᠭᠡ ᠪᠦᠯᠦᠭ ᠲᠡᠷᠢᠬᠦᠨ ᠤ ᠬᠠᠮᠲᠤ ᠨᠢᠭᠡᠴᠢ ᠲᠤᠳᠤᠷᠠᠭᠰᠠᠨ ᠪᠠᠶᠢᠨ᠎ᠠ᠃      ᠲᠡᠷᠢᠬᠦᠨ ᠤ ᠬᠢ ᠶᠢ ᠵᠤᠷᠢᠭᠵᠢᠭᠤᠯᠵᠦ ᠡᠷᠴᠢ ᠵᠤᠷᠢᠭ ᠢ ᠨᠢ ᠬᠦᠭᠵᠢᠬᠡᠨ ᠪᠦᠬᠦ ᠬᠤᠰᠢᠭᠤᠨ ᠤ ︽ᠲᠦᠷᠪᠡᠨ ᠰᠠᠶᠢᠳᠠᠢ ᠬᠦᠳᠡᠭᠡ ᠲᠤᠰᠬᠤᠨ ᠤ ᠵᠠᠮ︾ ᠤᠨ ᠠᠵᠢᠯ ᠢ ᠲᠠᠬᠢᠨ ᠰᠢᠨ᠎ᠡ ᠳᠡᠭᠳᠡᠷ ᠲᠤ ᠭᠠᠷᠭᠠᠬᠤ ᠶᠢ ᠲᠦᠯᠬᠢᠨ ᠠᠬᠢᠭᠤᠯᠵᠦ ᠪᠦᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠰᠢᠰᠲ᠋ᠧᠮ ᠤᠨ ᠠᠵᠢᠯ ᠤᠨ ᠰᠢᠨ᠎ᠡ ᠪᠠᠶᠢᠳᠠᠯ  ᠢ ᠪᠦᠬᠦ ᠲᠠᠯ᠎ᠠ ᠪᠠᠷ ᠪᠤᠢ ᠪᠤᠯᠭᠠᠬᠤ ᠶᠢᠨ ᠲᠦᠯᠦᠬᠡ ᠰᠣᠳᠣᠯᠣᠯᠲᠠ ᠪᠠᠷ ᠳᠠᠮᠵᠢᠨ ᠭᠠᠯᠠᠭᠤᠲᠤ ᠪᠠᠯᠭᠠᠰᠤ ᠪᠤᠯᠤᠨ ᠰᠦᠯᠳᠡ ᠰᠣᠮᠤ ᠶᠢ ᠱᠠᠩᠨᠠᠨ ᠬᠦᠬᠢᠬᠦᠯᠬᠦ ᠪᠠᠷ ᠲᠤᠭᠳᠠᠪᠠ᠃      ᠱᠠᠩᠨᠠᠨ ᠬᠦᠬᠢᠬᠦᠯᠦᠭᠳᠡᠭᠰᠡᠨ ᠰᠣᠮᠣ ᠪᠠᠯᠭᠠᠰᠤ ᠨᠢ ᠢᠷᠠᠭᠤ ᠠᠯᠳᠠᠷ ᠢᠶᠠᠨ ᠨᠠᠨᠳᠢᠩᠨᠠᠵᠦ ᠬᠢᠷᠢ ᠪᠦᠲᠦᠮᠵᠢ ᠪᠠᠨ ᠪᠠᠳᠠᠷᠠᠭᠤᠯᠤᠨ ᠤᠯᠠᠮ ᠢᠯᠡᠬᠦᠦ ᠴᠢᠷᠮᠠᠶᠢᠵᠦ ᠬᠤᠶᠢᠰᠢᠳᠠ ᠶᠢᠨ ᠠᠵᠢᠯ ᠳᠤᠮᠳᠠ  ᠨᠡᠩ ᠶᠡᠭᠡ ᠰᠢᠨ᠎ᠡ ᠬᠢᠷᠢ ᠪᠦᠲᠦᠮᠵᠢ ᠤᠯᠬᠤ ᠶᠢ ᠬᠦᠰᠡᠵᠦ ᠪᠠᠶᠢᠨ᠎ᠠ᠃ ᠡᠯ᠎ᠡ ᠰᠤᠮᠤ ᠪᠠᠯᠭᠠᠰᠤ᠂ ᠪᠦᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠰᠢᠰᠲ᠋ᠧᠮ ᠤᠨ ᠡᠯ᠎ᠡ ᠪᠠᠶᠢᠭᠤᠯᠭ᠎ᠠ ᠨᠢᠭᠡᠴᠢ ᠨᠢ ᠱᠠᠩᠨᠠᠨ ᠬᠦᠬᠢᠬᠦᠯᠦᠭᠳᠡᠭᠰᠡᠨ ᠪᠠᠶᠢᠭᠤᠯᠭ᠎ᠠ ᠨᠢᠭᠡᠴᠢ ᠪᠠᠷ ᠲᠠᠭᠤᠷᠢᠶᠠᠯ ᠪᠤᠯᠭᠠᠵᠦ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠨ ᠰᠢᠨ᠎ᠡ ᠶᠢ ᠡᠭᠦᠳᠴᠤ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠬᠦᠭᠵᠢᠯᠲᠡ ᠶᠢᠨ ᠬᠢᠷᠢ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠬᠦᠯᠦᠭᠡᠳ ᠡᠨᠡ ᠵᠢᠯ ᠤᠨ ᠮᠠᠨ ᠤ ᠬᠤᠰᠢᠭᠤ ᠦᠪᠡᠷᠳᠡᠭᠡᠨ ᠵᠠᠰᠠᠬᠤ ᠤᠷᠤᠨ ᠤ ︽ᠲᠦᠷᠪᠡᠨ ᠰᠠᠶᠢᠳᠠᠢ ᠬᠦᠳᠡᠭᠡ ᠲᠤᠰᠬᠤᠨ ᠤ ᠵᠠᠮ︾ ᠤᠨ ᠵᠢᠱᠢᠶᠡᠴᠢ ᠬᠤᠰᠢᠭᠤ ᠰᠢᠶᠠᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠢᠶᠠᠨ ᠡᠷᠬᠦᠵᠦ ᠥᠥᠰᠢᠨ ᠤ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠬᠤ᠂ ︽ᠨᠤᠮᠢᠨ ᠲᠠᠩᠰᠤᠭ ᠬᠦᠭᠵᠢᠨ ᠮᠠᠨᠳᠤᠯᠲᠠ︾ ᠶᠢ ᠪᠡᠶᠡᠯᠡᠬᠦᠯᠬᠦ ᠳᠤ ᠪᠠᠲᠤ ᠪᠠᠬᠢ ᠵᠠᠮ ᠬᠠᠷᠢᠯᠴᠠᠭ᠎ᠠ ᠲᠡᠭᠡᠭᠡᠪᠤᠷᠢ  ᠶᠢᠨ ᠪᠠᠲᠤᠯᠠᠭ᠎ᠠ ᠶᠢ ᠬᠠᠩᠭᠠᠨ ᠰᠢᠯᠢᠳᠡᠭ ᠪᠦᠲᠦᠮᠵᠢ ᠪᠠᠷ ᠣᠯᠣᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠶ᠎ᠡ᠃                              ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                            2019 ᠤᠨ ᠤ 5 ᠰᠠᠷ᠎ᠠ ᠶᠢᠨ 29 ᠤ ᠡᠳᠦᠷ
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号