︽ᠠᠭᠤᠯᠠ ᠲᠦᠰᠢᠭᠰᠡᠨ ᠨᠢ ᠲᠦᠯᠡᠭᠡ ᠲᠦᠯᠡᠵᠦ ᠣᠰᠤ ᠲᠦᠰᠢᠭᠰᠡᠨ ᠨᠢ ᠵᠢᠭᠠᠰᠤ ᠢᠳᠡᠨ᠎ᠡ︾ ᠬᠡᠳᠡᠭ ᠢᠶᠠᠷ | ᠮᠠᠨ ᠤ ᠬᠤᠰᠢᠭᠤᠨ ᠤ ᠣᠯᠠᠭᠠᠨᠳᠤᠯᠤᠭᠠᠢ ᠪᠠᠯᠭᠠᠰᠤᠨ ᠤ ᠣᠯᠠᠭᠠᠠᠳᠤᠭ ᠲᠤᠰᠬᠤᠨ ᠣᠷᠤᠨ ᠨᠤᠳᠤᠭ ᠤᠨ | ᠲᠠᠪᠠᠭᠠᠤᠯᠢᠭ ᠡᠬᠢ ᠪᠠᠶᠠᠯᠢᠭ ᠢᠶᠠᠨ ᠵᠤᠬᠢᠰᠳᠠᠢ ᠠᠰᠢᠭᠯᠠᠵᠦ ᠠᠷᠠᠳ ᠢᠶᠠᠨ ᠪᠠᠶᠠᠵᠢᠭᠤᠯᠤᠨ ᠬᠠᠮᠳᠤ ᠶᠢᠨ ᠠᠵᠦ ᠠᠬᠤᠢ | ᠪᠠᠨ ᠪᠤᠵᠠᠭᠠᠶᠢᠷᠠᠭᠤᠯᠬᠤ ᠵᠡᠷᠭᠡ ᠣᠯᠠᠨ ᠲᠠᠯ᠎ᠠ ᠶᠢᠨ ᠠᠰᠢᠭ ᠬᠦᠷᠳᠡᠵᠣ ᠪᠠᠶᠢᠭ᠎ᠠ ᠰᠠᠶᠢᠨ ᠪᠠᠶᠢᠳᠠᠯ ᠢ ᠪᠤᠢ ᠪᠤᠯᠭᠠᠵᠦ | ᠪᠠᠶᠢᠨ᠎ᠠ᠃ | ᠣᠶᠢᠷ᠎ᠠ ᠶᠢᠨ ᠡᠳᠤᠷ᠂ ᠣᠯᠠᠭᠠᠨᠳᠤᠯᠤᠭᠠᠢ ᠪᠠᠯᠭᠠᠰᠤᠨ ᠤ ᠣᠯᠠᠭᠠᠠᠳᠤᠭ ᠲᠤᠰᠬᠤᠨ ᠳᠤ ᠪᠠᠶᠢᠷᠢᠰᠢᠭ᠎ᠠ ᠦᠪᠦᠷ | ᠮᠤᠩᠭᠤᠯ ᠤᠨ ᠱᠢ ᠯᠢᠨ ᠬᠢᠮᠢ ᠶᠢᠨ ᠠᠵᠦ ᠦᠢᠯᠡᠳᠪᠦᠷᠢ ᠶᠢᠨ ᠬᠢᠵᠠᠭᠠᠷᠳᠤ ᠺᠤᠮᠫᠠᠨᠢ ᠶᠢᠨ ᠬᠠᠮᠢᠶ᠎ᠠ ᠪᠦᠬᠦᠢ | ᠬᠠᠷᠢᠭᠤᠴᠠᠯᠭᠠᠳᠠᠳ ᠲᠤᠰᠬᠤᠨ ᠤ ᠢᠳᠡᠰᠢᠨ ᠨᠤᠭᠤᠭᠠᠨ ᠤ ᠲᠤᠯᠠᠭᠠᠨ ᠬᠦᠯᠡᠮᠵᠢ ᠶᠢᠨ ᠰᠠᠭᠤᠷᠢᠨ ᠭᠠᠵᠠᠷ ᠲᠤ | ᠢᠷᠡᠵᠦ᠂ ᠲᠤᠰᠬᠤᠨ ᠤ ᠺᠠᠳ᠋ᠷ ᠠᠵᠢᠯᠳᠠᠨ ᠲᠠᠢ ᠴᠤᠭ ᠢᠳᠡᠰᠢᠨ ᠨᠤᠭᠤᠭᠠᠨ ᠤ ᠬᠠᠩᠭᠠᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢᠨ ᠲᠤᠬᠠᠢ ᠶᠠᠷᠢᠯᠴᠠᠨ ᠵᠥᠪᠳᠡᠯᠴᠡᠵᠦ ᠬᠡᠯᠡᠯᠴᠡᠬᠡᠷ ᠲᠤᠭᠳᠠᠵᠦ ᠪᠠᠶᠢᠯ᠎ᠠ᠃ | ᠣᠯᠠᠭᠠᠨᠳᠤᠭ ᠲᠤᠰᠬᠤᠨ ᠤ ᠡᠷᠬᠢᠨ ᠲᠤᠭᠤᠷᠢᠨ ᠳᠤ ᠬᠢᠮᠢ ᠶᠢᠨ ᠠᠵᠦ ᠦᠢᠯᠡᠳᠪᠦᠷᠢ ᠪᠠ ᠨᠡᠬᠦᠷᠡᠰᠤᠨ | ᠠᠭᠤᠷᠬᠠᠢ ᠣᠯᠠᠨ ᠰᠠᠭᠤᠷᠢᠰᠢᠵᠦ ᠪᠠᠶᠢᠭ᠎ᠠ ᠪᠦᠬᠡᠳ ᠡᠳᠡᠬᠡᠷ ᠠᠵᠦ ᠠᠬᠤᠶᠢᠯᠠᠯ ᠤᠨ ᠬᠢᠨ ᠤ ᠬᠡᠳᠣᠨ ᠮᠢᠩᠭᠠᠨ | ᠠᠵᠢᠯᠴᠢᠳ ᠲᠠᠢ ᠪᠠᠶᠢᠵᠣ ᠡᠳᠤᠷ ᠲᠤᠳᠤᠮ ᠤᠨ ᠢᠳᠡᠰᠢᠨ ᠨᠤᠭᠤᠭᠠᠨ ᠤ ᠬᠡᠷᠡᠭᠴᠡᠭᠡ ᠱᠠᠭᠠᠷᠳᠠᠯᠭ᠎ᠠ ᠦᠨᠳᠤᠷ | ᠪᠠᠶᠢᠳᠠᠭ ᠲᠤ ᠬᠠᠨᠳᠤᠭᠤᠯᠤᠨ᠂ ᠡᠨᠡ ᠵᠢᠯ ᠲᠤᠰᠬᠤᠨ ᠤ ᠵᠥᠪᠯᠡᠯ ᠠᠴᠠ ᠢᠳᠡᠰᠢᠨ ᠨᠤᠭᠤᠭᠠᠨ ᠤ ᠰᠠᠭᠤᠷᠢᠨ ᠭᠠᠵᠠᠷ | ᠢ ᠪᠠᠶᠢᠭᠤᠯᠵᠦ ᠨᠡᠶᠢᠳᠡ 60 ᠲᠤᠯᠠᠭᠠᠨ ᠬᠦᠯᠡᠮᠵᠢ ᠶᠢ ᠪᠦᠲᠦᠭᠡᠨ ᠪᠠᠶᠢᠭᠤᠯᠬᠤ ᠪᠠᠷ ᠲᠦᠯᠦᠪᠯᠡᠵᠦ ᠣᠳᠤᠬᠠᠨ ᠳᠤ | ᠨᠢᠭᠡᠨᠳᠡ 12 ᠲᠤᠯᠠᠭᠠᠨ ᠬᠦᠯᠡᠮᠵᠢ ᠶᠢ ᠠᠰᠢᠭᠯᠠᠯᠳᠠ ᠳᠤ ᠣᠷᠤᠭᠤᠯᠤᠨ ᠡᠯ᠎ᠡ ᠲᠦᠷᠦᠯ ᠤᠨ ᠢᠳᠡᠰᠢᠨ ᠨᠤᠭᠤᠭ᠎ᠠ ᠶᠢ | ᠲᠠᠷᠢᠭᠰᠠᠨ ᠪᠠᠶᠢᠨ᠎ᠠ᠃ | ᠲᠤᠰᠬᠤᠨ ᠤ ᠵᠥᠪᠯᠡᠯ ᠠᠴᠠ ᠪᠠᠰᠠ ᠡᠯ᠎ᠡ ᠠᠵᠦ ᠠᠬᠤᠶᠢᠯᠠᠯ ᠲᠠᠢ ᠵᠠᠬᠢᠶᠠᠯᠠᠭ᠎ᠠ ᠶᠢᠨ ᠬᠡᠯᠪᠡᠷᠢ ᠶᠢᠨ ᠢᠳᠡᠰᠢᠨ | ᠨᠤᠭᠤᠭ᠎ᠠ ᠲᠠᠷᠢᠬᠤ ᠬᠡᠯᠡᠯᠴᠡᠬᠡᠷ ᠲᠤᠭᠳᠠᠭᠰᠠᠨ ᠠᠴᠠ ᠳᠠᠷᠢᠶᠠᠴᠢᠨ ᠤ ᠳᠠᠷᠢᠭᠰᠠᠨ ᠢᠳᠡᠰᠢᠨ ᠨᠣᠭᠤᠭ᠎ᠠ ᠶᠢᠨ | ᠪᠤᠷᠤᠯᠠᠭᠤᠯᠭ᠎ᠠ ᠶᠢᠨ ᠵᠠᠮ ᠢ ᠰᠢᠯᠤᠭᠤᠳᠬᠠᠵᠦ᠂ ᠮᠠᠯᠴᠢᠨ ᠲᠠᠷᠢᠶᠠᠴᠢᠳ ᠤᠨ ᠣᠯᠠᠮᠵᠢᠯᠠᠯᠳᠤ ᠮᠠᠯ ᠲᠠᠷᠢᠶᠠᠯᠠᠩ ᠤᠨ | ᠣᠶᠢᠯᠡᠰ ᠤᠨ ᠪᠦᠳᠦᠴᠡ ᠳᠡᠭᠡᠨ ᠰᠢᠨᠡᠴᠢᠯᠡᠯᠳᠡ ᠬᠢᠬᠦ ᠦᠶ᠎ᠡ ᠶᠢᠨ ᠰᠠᠨᠠᠭᠠᠰᠢᠷᠠᠯ ᠢ ᠠᠯᠳᠠᠷᠠᠭᠠᠵᠣ ᠦᠨᠳᠤᠰᠤᠨ | ᠱᠠᠲᠤᠨ ᠤ ᠲᠠᠷᠢᠶᠠᠯᠠᠩ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠪᠠ ᠬᠦᠳᠡᠭᠡ ᠲᠤᠰᠬᠤᠨ ᠢ ᠮᠠᠨᠳᠤᠭᠤᠯᠤᠨ | ᠬᠦᠭᠵᠢᠬᠦᠯᠬᠦ ᠠᠯᠬᠤᠴᠠ ᠶᠢ ᠲᠦᠷᠬᠡᠳᠬᠡᠭᠰᠡᠨ ᠪᠠᠶᠢᠨ᠎ᠠ᠃ | |