6 ᠰᠠᠷ᠎ᠠ ᠶᠢᠨ 11 ᠤ ᠡᠳᠤᠷ ᠠᠴᠠ 14 ᠤ ᠡᠳᠦᠷ᠂ ᠦᠪᠦᠷ ᠮᠤᠩᠭᠤᠯ ᠤᠨ ᠪᠠᠷᠠᠭᠤᠨ ᠭᠡᠰᠡᠭ ᠤᠨ ᠠᠶᠢᠮᠠᠭ | ᠬᠤᠳᠠ ᠶᠢᠨ ᠮᠤᠩᠭᠤᠯ ᠬᠡᠯᠡᠨ ᠤ ᠪᠡᠷᠢᠮᠵᠢᠶ᠎ᠡ ᠠᠪᠢᠶᠠᠨ ᠤ ᠪᠤᠯᠪᠠᠰᠤᠷᠠᠯ ᠮᠠᠨ ᠤ ᠬᠤᠰᠢᠭᠤᠨ ᠳᠤ ᠶᠠᠪᠤᠭᠳᠠᠯ᠎ᠠ᠃ | ᠠᠯᠠᠱᠠ᠂ ᠦᠬᠠᠢ᠂ ᠰᠢᠯᠢ ᠶᠢᠨ ᠭᠤᠣᠯ᠂ ᠤᠷᠳᠤᠰ ᠵᠡᠷᠭᠡ ᠠᠶᠢᠮᠠᠭ ᠬᠤᠲᠠ ᠶᠢᠨ ᠬᠥᠲᠥᠯᠥᠭᠴᠢ᠂ ᠨᠡᠪᠲᠡᠷᠡᠭᠦᠯᠦᠭᠴᠢ | ᠂ ᠪᠠᠭᠰᠢ᠂ ᠣᠷᠴᠢᠭᠤᠯᠤᠭᠴᠢ᠂ ᠠᠯᠪᠠᠲᠠᠨ ᠵᠡᠷᠭᠡ 400 ᠭᠠᠷᠤᠢ ᠬᠦᠮᠦᠨ ᠤᠷᠤᠯᠴᠠᠭᠰᠠᠨ ᠪᠠᠶᠢᠨ᠎ᠠ᠃ | ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠤᠯ ᠬᠡᠯᠡᠨ ᠤ ᠲᠦᠷᠢᠮᠵᠢᠯ ᠤᠨ ᠨᠢᠭᠡ ᠠᠭᠤᠯᠭ᠎ᠠ ᠪᠠᠶᠢᠵᠤ | ᠲᠦᠷᠢᠮᠵᠢᠵᠤ ᠪᠠᠷᠢᠮᠵᠢᠶᠡᠵᠢᠭᠰᠡᠨ ᠮᠤᠩᠭᠤᠯ ᠬᠡᠯᠡ ᠶᠢ ᠡᠵᠡᠮᠰᠢᠵᠦ ᠭᠡᠷᠡᠭᠯᠡᠭᠦ ᠶᠠᠪᠤᠳᠠᠯ ᠪᠤᠯ ᠮᠤᠩᠭᠤᠯ ᠦᠨᠳᠤᠰᠤᠳᠡᠨ | ᠤ ᠨᠡᠪᠳᠡᠷᠡᠭᠦᠯᠥᠭᠴᠢ ᠬᠦᠳᠦᠯᠦᠭᠴᠢ᠂ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠪᠠᠭᠰᠢ ᠨᠠᠷ᠂ ᠶᠡᠭᠡ ᠲᠡᠭᠡᠳᠤ | ᠰᠤᠷᠭᠠᠭᠤᠯᠢ ᠶᠢᠨ ᠤᠶᠤᠳᠠᠳ ᠪᠠ ᠤᠷᠠᠨ ᠰᠠᠶᠢᠬᠠᠨ ᠤ ᠪᠦᠯᠭᠦᠮ ᠤᠨ ᠲᠤᠭᠯᠠᠭᠴᠢᠳ ᠵᠡᠷᠭᠡ ᠲᠤᠰᠬᠠᠢ ᠮᠡᠷᠭᠡᠵᠢᠯ ᠤᠨ | ᠠᠵᠢᠯᠳᠠᠳ ᠤᠨ ᠡᠷᠭᠡᠪᠰᠢ ᠪᠦᠷᠢᠯᠳᠡᠭᠦᠯᠭᠦ ᠲᠤᠰᠬᠠᠢ ᠠᠵᠢᠯ ᠤᠨ ᠬᠡᠪ ᠴᠢᠨᠠᠷ ᠪᠤᠯᠤᠨ᠎ᠠ᠃ ᠡᠬᠦᠨ ᠠᠴᠠ ᠭᠠᠳᠠᠨ᠎ᠠ | ᠦᠪᠦᠷ ᠮᠤᠩᠭᠤᠯ ᠳᠤ ᠨᠤᠳᠤᠭ ᠤᠨ ᠠᠶᠠᠯᠭᠤ᠂ ᠠᠮᠠᠨ ᠠᠶᠠᠯᠭᠤ ᠶᠢᠨ ᠵᠦᠷᠢᠶ᠎ᠡ ᠶᠡᠭᠡ᠂ ᠤᠯᠠᠨ ᠭᠠᠵᠠᠷ ᠤᠨ ᠬᠦᠮᠦᠰ | ᠨᠢᠭᠡ ᠲᠤᠤᠷ᠎ᠠ ᠴᠤᠭᠯᠠᠷᠠᠭᠠᠳ ᠠᠵᠢᠯᠯᠠᠬᠤ᠂ ᠰᠤᠷᠤᠯᠴᠠᠬᠤ ᠳᠤ ᠤᠶᠢᠯᠠᠭᠠᠯᠴᠠᠵᠤ ᠨᠡᠪᠳᠡᠷᠡᠯᠴᠡᠭᠦ ᠦᠭᠡᠢ ᠪᠠᠶᠢᠳᠠᠯ | ᠭᠠᠷᠳᠠᠭ ᠪᠤᠯᠬᠤᠷ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠰᠤᠷᠤᠯᠴᠠᠬᠤ ᠴᠢᠬᠤᠯᠠᠲᠠᠢ ᠪᠠᠶᠢᠳᠠᠭ᠃ | ᠤᠶᠢᠯᠠᠭᠠᠭᠰᠠᠨ ᠢᠶᠠᠷ 1979 ᠤᠨ ᠤ 9 ᠰᠠᠷ᠎ᠠ ᠳᠤ ᠲᠤᠮᠳᠠᠳᠤ ᠤᠯᠤᠰ ᠤᠨ ᠨᠡᠢᠮᠠᠨ ᠮᠤᠵᠢ᠂ ᠦᠪᠡᠷᠳᠡᠭᠡᠨ | ᠵᠠᠰᠠᠬᠤ ᠤᠷᠤᠨ ᠤ ᠮᠤᠩᠭᠤᠯ ᠬᠡᠯᠡ ᠪᠢᠴᠢᠭ ᠤᠨ ᠲᠤᠰᠬᠠᠢ ᠠᠵᠢᠯ ᠤᠨ ᠭᠤᠷᠪᠠᠳᠤᠭᠠᠷ ᠬᠤᠷᠠᠯ ᠲᠡᠭᠡᠷ᠎ᠡ ᠰᠢᠯᠥᠭᠤᠨ | ᠬᠥᠬᠡ ᠬᠤᠰᠢᠭᠤᠨ ᠢᠶᠠᠷ ᠲᠦᠯᠥᠭᠡᠯᠦᠭᠦᠯᠥᠭᠰᠡᠨ ᠴᠠᠬᠠᠷ ᠠᠮᠠᠨ ᠠᠶᠠᠯᠭᠤᠨ ᠤ ᠠᠪᠢᠶ᠎ᠠ ᠪᠠᠷ ᠪᠠᠷᠢᠮᠵᠢᠶ᠎ᠡ ᠠᠪᠢᠶ᠎ᠠ | ᠪᠤᠯᠭᠠᠬᠤ ᠪᠠᠷ ᠲᠤᠭᠳᠠᠭᠠᠭᠰᠠᠨ ᠪᠠᠶᠢᠨ᠎ᠠ᠃ ᠡᠨᠡ ᠵᠢᠯ ᠪᠤᠯᠬᠤ ᠳᠤ ᠮᠤᠩᠭᠤᠯ ᠭᠡᠯᠡᠨ ᠤ ᠪᠠᠷᠢᠮᠵᠢᠶ᠎ᠡ ᠠᠪᠢᠶ᠎ᠠ ᠶᠢ | ᠭᠡᠷᠡᠭᠵᠢᠭᠦᠯᠦᠭᠰᠡᠨ 40 ᠵᠢᠯ ᠤᠨ ᠤᠢ ᠪᠤᠯᠵᠤ ᠪᠠᠶᠢᠨ᠎ᠠ᠃ |