ᠬᠤᠰᠢᠭᠤ ᠬᠤᠤᠷᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠬᠤᠤᠷᠲᠤ ᠡᠳ᠋ ᠢ ᠴᠠᠭᠠᠵᠠᠯᠠᠬᠤ  ᠪᠠ ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-06-13
     ᠬᠤᠤᠷᠲᠤ ᠡᠳ᠋ ᠢ ᠴᠠᠭᠠᠵᠠᠯᠠᠬᠤ ᠪᠠ ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ ᠪᠥᠬᠦ ᠠᠷᠠᠳ ᠤᠨ ᠬᠤᠤᠷᠲᠤ ᠡᠳ᠋ ᠢ ᠴᠠᠭᠠᠵᠠᠯᠠᠬᠤ᠂ ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠬᠤᠤᠷᠲᠤ ᠡᠳ᠋ ᠢ ᠴᠠᠭᠠᠵᠠᠯᠠᠬᠤ᠂ ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠵᠢ᠊ ᠳᠣᠰᠠᠳᠠ ᠤᠶᠢᠷ᠎ᠠ ᠶᠢᠨ ᠡᠳᠦᠷ ᠬᠤᠰᠢᠭᠤ ᠬᠤᠤᠷᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠤᠨ ᠬᠢᠨ ᠭᠠᠯᠠᠭᠤᠲᠤ ᠰᠤᠷᠭᠠᠭᠤᠯᠢ ᠳᠤ ᠬᠦᠷᠴᠣ ᠬᠤᠤᠷᠲᠤ ᠡᠳ᠋ ᠢ ᠴᠠᠭᠠᠵᠠᠯᠠᠬᠤ ᠪᠠ ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭᠠᠨ ᠳᠤ ᠬᠤᠰᠢᠭᠤ ᠬᠤᠤᠷᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠤᠨ ᠠᠵᠢᠯᠳᠠᠨ ᠠᠴᠠ ᠰᠤᠷᠤᠭᠴᠢᠳ ᠲᠤ ᠬᠤᠤᠷᠲᠤ ᠡᠳ᠋ ᠢ ᠴᠠᠭᠠᠵᠠᠯᠠᠬᠤ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠬᠠᠢ ᠮᠡᠳᠡᠯᠭᠡ ᠶᠢᠨ ᠲᠠᠶᠢᠯᠤᠮᠵᠢ ᠬᠢᠵᠦ᠂ ᠰᠤᠷᠤᠭᠴᠢᠳ ᠲᠤ ᠬᠤᠤᠷᠲᠤ ᠡᠳ᠋ ᠪᠠ ᠰᠢᠨ᠎ᠡ ᠭᠠᠷᠣᠭᠰᠠᠨ ᠬᠤᠤᠷᠲᠤ ᠡᠳ᠋ ᠤᠨ ᠳᠣᠬᠠᠢ ᠶᠡᠷᠦ ᠶᠢᠨ ᠮᠡᠳᠡᠯᠭᠡ ᠵᠢᠴᠢ ᠬᠤᠤᠷᠲᠤ ᠡᠳ᠋ ᠢ ᠬᠡᠷᠬᠢᠨ ᠰᠡᠷᠭᠡᠶᠢᠯᠡᠬᠦ ᠲᠤᠬᠠᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃ ᠬᠤᠰᠢᠭᠤ ᠬᠤᠤᠷᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠤᠨ ᠬᠢᠨ ᠳᠣᠰ ᠣᠳᠠᠭᠠᠨ ᠤ ᠤᠬᠠᠭᠤᠯᠭ᠎ᠠ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠡᠮᠡᠭᠳᠡᠭᠦᠯᠬᠦ  ᠶᠢᠨ ᠳᠣᠰᠠᠳᠠ ᠠᠵᠢᠯᠯᠠᠭᠠᠨ ᠤ ᠲᠤᠬᠠᠢ ᠶᠢᠨ ᠲᠠᠯᠠᠪᠤᠷ ᠲᠤ ᠪᠠᠰᠠ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ  ᠶᠢᠨ ᠰᠠᠮᠪᠠᠷ᠎ᠠ ᠲᠣᠬᠢᠷᠠᠭᠤᠯᠵᠤ ᠬᠤᠯᠪᠣᠭᠳᠠᠯ ᠪᠦᠬᠦᠢ ᠮᠡᠳᠡᠯᠬᠡ ᠶᠢ ᠣᠬᠠᠭᠤᠯᠬᠤ ᠪᠠᠷ ᠳᠠᠮᠵᠢᠨ ᠰᠤᠷᠤᠭᠴᠢ ᠶᠢᠨ ᠬᠤᠤᠷᠲᠤ ᠡᠳ᠋ ᠢ ᠴᠠᠭᠠᠵᠠᠯᠠᠬᠤ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠨᠡᠨᠬᠦ ᠳᠡᠬᠡᠭᠰᠢᠯᠡᠬᠦᠯᠥᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号