| | | | | 6 ᠰᠠᠷ᠎ᠠ ᠶᠢᠨ 13 ᠤ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠢᠱᠺᠧᠺ ᠲᠤ ᠺᠢᠷᠬᠢᠽᠰᠲ᠋ᠠᠨ ᠤ | ᠶᠡᠷᠦᠩᠭᠡᠶᠢᠯᠡᠭᠴᠢ ᠿᠸᠡᠪᠢᠶᠧᠺᠧᠹ ᠲᠠᠢ ᠭᠡᠯᠡᠯᠴᠡᠭᠡ ᠬᠢᠪᠡ᠃ ᠬᠡᠯᠡᠯᠴᠡᠭᠡ ᠬᠢᠬᠦ ᠠᠴᠠ ᠡᠮᠦᠨ᠎ᠡ᠂ ᠿᠸᠡᠪᠢᠶᠧᠺᠧᠹ ᠠᠯᠠ | ᠊ ᠠᠷᠴᠠ ᠲᠦᠷᠦ ᠶᠢᠨ ᠵᠤᠴᠢᠳ ᠤᠨ ᠪᠠᠭᠤᠳᠠᠯ ᠤᠨ ᠬᠤᠷᠠᠯ ᠤᠨ ᠲᠦᠪ ᠤᠨ ᠡᠮᠦᠨᠡᠬᠢ ᠠᠭᠤᠳᠠᠮ ᠲᠠᠯᠠᠪᠠᠢ ᠳᠤ | ᠰᠢ ᠶᠢᠨ ᠫᠢᠩ ᠢ ᠤᠬᠲᠤᠬᠤ ᠦᠪᠡᠳᠡᠭᠰᠢ ᠶᠡᠭᠡ ᠶᠤᠰᠤᠯᠠᠯ ᠶᠠᠪᠤᠭᠤᠯᠪᠠ᠃ ᠵᠢᠷᠤᠭ ᠪᠤᠯ ᠬᠤᠶᠠᠷ ᠤᠯᠤᠰ ᠤᠨ | ᠲᠡᠷᠢᠭᠦᠨ ᠶᠤᠰᠤᠯᠠᠯ ᠤᠨ ᠴᠡᠷᠢᠭ ᠠᠩᠬᠢ ᠶᠢ ᠰᠢᠯᠭᠠᠨ ᠦᠵᠡᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠭᠤᠤ ᠵᠢᠶᠧ ᠰᠡᠬᠦᠳᠡᠷᠯᠡᠪᠡ | ᠰᠢᠨᠬᠤᠸᠠ ᠬᠤᠷᠢᠶᠠᠨ ᠤ ᠪᠢᠱᠺᠧᠺ ᠤᠨ 6 ᠰᠠᠷ᠎ᠠ ᠶᠢᠨ 13 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ | ᠾᠦᠸᠧ ᠰᠢᠶᠤᠤ ᠭᠤᠸᠠᠩ ᠯᠢ ᡁᠢ ᠬᠤᠢ ᠸᠠᠩ ᠱᠧᠨ︶ ᠤᠯᠤᠰ ᠤᠨ ᠲᠡᠷᠢᠬᠦᠯᠡᠭᠴᠢ ᠰᠢ ᠶᠢᠨ ᠫᠢᠩ 13 ᠤ ᠡᠳᠦᠷ | ᠪᠢᠱᠺᠧᠺ ᠲᠤ ᠺᠢᠷᠬᠢᠽᠰᠲ᠋ᠠᠨ ᠤ ᠶᠡᠷᠦᠩᠭᠡᠶᠢᠯᠡᠭᠴᠢ ᠿᠸᠡᠪᠢᠶᠧᠺᠧᠹ ᠲᠠᠢ ᠭᠡᠯᠡᠯᠴᠡᠭᠡ ᠬᠢᠪᠡ᠃ ᠬᠤᠶᠠᠷ ᠤᠯᠤᠰ ᠤᠨ | ᠲᠡᠷᠢᠬᠦᠨ ᠳᠤᠮᠳᠠᠳᠤ ᠺᠢᠷᠬᠢᠽᠰᠲ᠋ᠠᠨ ᠤ ᠬᠠᠷᠢᠯᠴᠠᠭᠠᠨ ᠤ ᠬᠦᠭᠵᠢᠯᠳᠠ ᠪᠤᠯᠤᠨ ᠡᠯ᠎ᠠ ᠬᠦᠷᠢᠶᠡᠨ ᠤ ᠬᠠᠮᠳᠤᠷᠠᠯᠴᠠᠭᠠᠨ ᠤ | ᠦᠷ᠎ᠠ ᠪᠦᠳᠦᠭᠡᠯ ᠢ ᠳᠡᠭᠡᠳᠦ ᠭᠡᠮᠵᠢᠶ᠎ᠠ ᠪᠠᠷ ᠦᠨᠡᠯᠡᠵᠦ᠂ ᠳᠤᠮᠳᠠᠳᠤ ᠺᠢᠷᠬᠢᠽᠰᠲ᠋ᠠᠨ ᠤ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠠᠬᠢᠭᠤᠯᠤᠨ ᠰᠢᠨ᠎ᠠ ᠳᠡᠭᠳᠡᠷ ᠲᠤ ᠭᠠᠷᠭᠠᠨ᠎ᠠ ᠭᠡᠵᠦ ᠰᠠᠨᠠᠯ ᠨᠢᠭᠡᠳᠠᠢ | ᠵᠦᠪᠰᠢᠶᠡᠷᠡᠵᠠᠢ᠃ | ᠰᠢ ᠶᠢᠨ ᠫᠢᠩ᠂ ᠳᠤᠮᠳᠠᠳᠤ ᠺᠢᠷᠬᠢᠽᠰᠲ᠋ᠠᠨ ᠬᠠᠷᠢᠯᠴᠠᠭ᠎ᠠ ᠪᠠᠶᠢᠭᠤᠯᠤᠭᠰᠠᠨ 27 ᠵᠢᠯ ᠤᠨ ᠲᠤᠷᠰᠢ᠂ ᠬᠤᠶᠠᠷ | ᠤᠯᠤᠰ ᠤᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠦᠷᠪᠡᠭᠡᠨ ᠲᠠᠢ ᠴᠠᠭ ᠤᠨ ᠪᠠᠶᠢᠳᠠᠯ ᠤᠨ ᠰᠢᠯᠭᠠᠯᠳᠠ ᠶᠢ | ᠳᠠᠭᠠᠭᠠᠵᠦ᠂ ᠲᠠᠪᠠᠯᠳᠠᠳᠦ ᠬᠦᠭᠵᠢᠯᠳᠠ ᠶᠢ ᠪᠡᠶᠡᠯᠡᠬᠦᠯᠦᠨ᠂ ᠬᠠᠷᠢᠯᠴᠠᠨ ᠬᠦᠨᠳᠦᠳᠭᠡᠬᠦ᠂ ᠡᠷᠭᠡ ᠲᠡᠭᠰᠢ | ᠬᠠᠮᠳᠤᠷᠠᠯᠴᠠᠬᠤ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠰᠢᠨ᠎ᠠ ᠬᠡᠯᠪᠡᠷᠢ ᠶᠢᠨ ᠤᠯᠤᠰ ᠤᠨ | ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠪᠠ᠃ ᠪᠢ ᠶᠡᠷᠦᠩᠭᠡᠶᠢᠯᠡᠭᠴᠢ ᠠᠪᠤᠭᠠᠢ ᠶᠢᠨ ᠳᠤᠮᠳᠠᠳᠤ | ᠤᠯᠤᠰ ᠯᠤᠭ᠎ᠠ ᠨᠦᠬᠦᠷᠰᠡᠭ ᠪᠠᠶᠢᠬᠤ ᠶᠢ ᠪᠠᠷᠢᠮᠳᠠᠯᠠᠬᠤ ᠡᠷᠡᠰ ᠪᠠᠳᠤ ᠵᠤᠬᠰᠤᠯᠳᠠ ᠶᠢ ᠮᠠᠬᠳᠠᠨ ᠰᠠᠶᠢᠰᠢᠶᠡᠵᠦ ᠪᠠᠶᠢᠨ᠎ᠠ᠃ | ᠳᠤᠮᠳᠠᠳᠤ ᠶᠢᠨ ᠲᠠᠯ᠎ᠠ ᠶᠢᠨ ᠬᠢᠨ ᠦᠩᠭᠡᠷᠡᠭᠰᠡᠨ ᠲᠠᠢ ᠪᠠᠨ ᠠᠳᠠᠯᠢ ᠪᠠᠷ ᠺᠢᠷᠬᠢᠽᠰᠲ᠋ᠠᠨ ᠤ ᠦᠪᠡᠷ ᠢᠶᠠᠨ ᠡᠵᠡᠨ | ᠮᠡᠳᠡᠵᠤ ᠰᠤᠩᠭᠤᠭᠰᠠᠨ ᠬᠦᠭᠵᠢᠯᠳᠠ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠺᠢᠷᠬᠢᠽᠰᠲ᠋ᠠᠨ ᠤ ᠵᠠᠰᠠᠭ ᠤᠨ | ᠤᠷᠳᠤᠨ ᠤ ᠤᠯᠤᠰ ᠤᠨ ᠲᠤᠰᠠᠭᠠᠷ ᠲᠤᠭᠳᠠᠨᠢᠯ᠂ ᠡᠷᠭᠡ ᠮᠡᠳᠡᠯ᠂ ᠠᠮᠤᠷ ᠲᠦᠪᠰᠢᠨ ᠢ ᠬᠠᠮᠠᠭᠠᠯᠠᠬᠤ ᠶᠢᠨ ᠲᠦᠯᠦᠭᠡ | ᠭᠡᠷᠡᠭᠵᠢᠬᠦᠯᠦᠭᠰᠡᠨ ᠳᠤᠳᠤᠭᠠᠳᠦ ᠭᠠᠳᠠᠭᠠᠳᠦ ᠶᠢᠨ ᠲᠦᠷᠦ ᠶᠢᠨ ᠪᠤᠳᠤᠯᠭ᠎ᠠ ᠶᠢ ᠳᠡᠮᠵᠢᠨ᠎ᠠ᠃ ᠳᠤᠮᠳᠠᠳᠤ ᠶᠢᠨ | ᠲᠠᠯ᠎ᠠ ᠶᠢᠨ ᠬᠢᠨ ᠳᠤᠷᠠᠳᠠᠶ᠎ᠠ ᠺᠢᠷᠬᠢᠽᠰᠲ᠋ᠠᠨ ᠤ ᠲᠠᠯ᠎ᠠ ᠶᠢᠨ ᠬᠢᠨ ᠲᠠᠢ ᠬᠠᠮᠳᠦ ᠳᠤᠮᠳᠠᠳᠤ ᠺᠢᠷᠬᠢᠽᠰᠲ᠋ᠠᠨ ᠤ ᠦᠶ᠎ᠠ ᠶᠢᠨ | ᠦᠶ᠎ᠠ ᠳᠡᠭᠡᠨ ᠨᠦᠬᠦᠷᠰᠡᠭ ᠪᠠᠶᠢᠬᠤ ᠵᠤᠷᠢᠭ ᠰᠠᠨᠠᠭ᠎ᠠ ᠶᠢ ᠪᠠᠳᠠᠷᠠᠭᠤᠯᠤᠨ ᠮᠠᠨᠳᠤᠭᠤᠯᠵᠤ᠂ ᠬᠠᠷᠢᠯᠴᠠᠨ ᠠᠰᠢᠬᠳᠠᠢ | ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠤᠨ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ | ᠦᠢᠯᠡᠳᠦᠨ᠎ᠠ᠃ ᠪᠢᠳᠠ ᠬᠠᠷᠢᠯᠴᠠᠨ ᠲᠡᠮᠵᠢᠬᠦ ᠪᠠᠨ ᠭᠤᠶᠢᠪᠢᠰᠢ ᠦᠭᠡᠢ ᠴᠢᠩᠭᠠᠳᠬᠠᠵᠤ ᠡᠯ᠎ᠠ ᠬᠦᠷᠢᠶᠡᠨ ᠳᠠᠬᠢ | ᠬᠠᠮᠳᠤᠷᠠᠯᠴᠠᠭ᠎ᠠ ᠪᠠᠨ ᠴᠦᠬᠦᠷᠡᠰᠢ ᠦᠭᠡᠢ ᠠᠬᠢᠭᠤᠯᠪᠠᠯ᠂ ᠳᠤᠮᠳᠠᠳᠤ ᠺᠢᠷᠬᠢᠽᠰᠲ᠋ᠠᠨ ᠤ ᠬᠠᠮᠳᠤ ᠪᠠᠷ ᠴᠡᠴᠡᠭᠯᠡᠨ | ᠬᠦᠭᠵᠢᠬᠦ ᠵᠠᠮ ᠶᠠᠪᠤᠬᠤ ᠳᠤᠳᠤᠮ ᠰᠠᠷᠠᠭᠤᠯ ᠳᠠᠷᠳᠠᠩ ᠪᠤᠯᠬᠤ ᠶᠤᠮ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ︽ᠨᠢᠬᠡ ᠪᠦᠰᠠ ᠨᠢᠬᠡ ᠵᠠᠮ︾ ᠢ ᠬᠠᠮᠳᠤ ᠪᠠᠷ ᠪᠦᠳᠤᠬᠡᠨ ᠪᠠᠶᠢᠭᠤᠯᠬᠤ ᠨᠢ ᠨᠢᠭᠡᠨᠳᠡ | ᠳᠤᠮᠳᠠᠳᠤ ᠺᠢᠷᠬᠢᠽᠰᠲ᠋ᠠᠨ ᠤ ᠬᠠᠮᠳᠤᠷᠠᠯᠴᠠᠭᠠᠨ ᠤ ᠭᠤᠤᠯ ᠱᠤᠭᠤᠮ ᠪᠤᠯᠵᠠᠢ᠃ ᠰᠢᠨ᠎ᠠ ᠪᠠᠶᠢᠳᠠᠯ ᠲᠤᠤᠷ᠎ᠠ᠂ ᠬᠤᠶᠠᠷ | ᠲᠠᠯ᠎ᠠ ᠪᠠᠷ ᠢᠶᠠᠨ ᠬᠤᠶᠠᠷ ᠤᠯᠤᠰ ᠤᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠬᠦᠨᠵᠡᠭᠡᠢ ᠵᠤᠯᠭᠠᠯᠴᠠᠭ᠎ᠠ ᠶᠢ | ᠠᠬᠢᠭᠤᠯᠵᠤ᠂ ᠬᠠᠮᠳᠤᠷᠠᠯᠴᠠᠭᠠᠨ ᠤ ᠰᠢᠨ᠎ᠠ ᠲᠠᠯᠳᠠ ᠬᠦᠴᠤᠨ ᠢ ᠠᠭᠤᠳᠠᠯᠤᠨ᠂ ᠬᠠᠮᠳᠤᠷᠠᠯᠴᠠᠭᠠᠨ ᠤ ᠰᠢᠨ᠎ᠠ ᠤᠷᠤᠨ | ᠵᠠᠢ ᠶᠢ ᠨᠡᠬᠡᠬᠡᠬᠦ ᠬᠡᠷᠡᠭᠳᠠᠢ᠃ ᠠᠵᠤ ᠠᠬᠤᠢ ᠠᠷᠠᠯᠵᠢᠶ᠎ᠠ ᠪᠡᠯᠡ ᠤᠷᠤᠭᠤᠯᠤᠯᠳᠠ ᠶᠢᠨ ᠬᠠᠮᠳᠤᠷᠠᠯᠴᠠᠭ᠎ᠠ ᠪᠠᠨ | ᠦᠷᠬᠡᠳᠬᠡᠵᠤ᠂ ᠬᠤᠯᠪᠤᠬᠳᠠᠯ ᠪᠦᠬᠦᠢ ᠭᠤᠤᠯᠳᠠᠯᠭ᠎ᠠ ᠲᠠᠢ ᠬᠠᠮᠳᠤᠷᠠᠯᠴᠠᠭᠠᠨ ᠤ ᠲᠦᠷᠤᠯ ᠵᠦᠢᠯ ᠢ ᠰᠠᠶᠢᠳᠤᠷ | ᠨᠠᠶᠢᠳᠠᠪᠤᠷᠢᠵᠢᠭᠤᠯᠬᠤ ᠬᠡᠷᠡᠭᠳᠠᠢ᠃ ᠳᠤᠮᠳᠠᠳᠤ ᠤᠯᠤᠰ ᠲᠤᠷᠠᠳᠠᠶ᠎ᠠ ᠺᠢᠷᠬᠢᠽᠰᠲ᠋ᠠᠨ ᠤ ᠨᠡᠩ ᠤᠯᠠᠨ ᠪᠤᠬᠢᠷᠳᠤᠯ ᠦᠬᠡᠢ᠂ | ᠴᠢᠨᠠᠷ ᠰᠠᠶᠢᠳᠠᠢ ᠲᠠᠷᠢᠶᠠᠯᠠᠩ ᠤᠨ ᠪᠦᠳᠦᠭᠡᠭᠳᠡᠬᠦᠨ ᠢ ᠤᠷᠤᠭᠤᠯᠤᠨ᠎ᠠ᠃ ᠳᠤᠮᠳᠠᠳᠤ ᠤᠯᠤᠰ ᠺᠢᠷᠬᠢᠽᠰᠲ᠋ᠠᠨ ᠤ ᠠᠵᠤ | ᠠᠬᠤᠢ ᠨᠡᠶᠢᠬᠡᠮ ᠤᠨ ᠬᠦᠭᠵᠢᠯᠳᠠ ᠶᠢ ᠦᠷᠬᠦᠯᠵᠢᠯᠠᠨ ᠲᠡᠮᠵᠢᠵᠤ᠂ ᠺᠢᠷᠬᠢᠽᠰᠲ᠋ᠠᠨ ᠤ ᠬᠢᠨ ᠲᠠᠢ ᠬᠠᠮᠳᠤ ᠪᠠᠷ | ᠤᠤᠭᠤᠬᠤ ᠤᠰᠤ᠂ ᠵᠠᠮ ᠬᠠᠷᠢᠯᠴᠠᠭ᠎ᠠ᠂ ᠡᠮᠨᠡᠯᠬᠡ ᠶᠢᠨ ᠬᠤᠷᠢᠶ᠎ᠠ ᠵᠡᠷᠬᠡ ᠨᠡᠩ ᠤᠯᠠᠨ ᠠᠷᠠᠳ ᠤᠨ ᠠᠮᠢᠳᠤᠷᠠᠯ ᠤᠨ | ᠲᠦᠷᠤᠯ ᠵᠦᠢᠯ ᠢ ᠰᠠᠶᠢᠳᠦᠷ ᠬᠡᠷᠡᠭᠵᠢᠭᠦᠯᠦᠨ᠎ᠠ᠃ ᠬᠤᠶᠠᠷ ᠲᠠᠯ᠎ᠠ ᠪᠠᠷ ᠢᠶᠠᠨ ᠰᠤᠶᠤᠯ ᠢᠷᠬᠡᠨᠰᠢᠯ ᠪᠤᠯᠤᠨ ᠤᠷᠤᠨ | ᠨᠤᠳᠤᠬ ᠤᠨ ᠰᠤᠯᠢᠯᠴᠠᠭ᠎ᠠ ᠪᠠᠨ ᠨᠢᠬᠳᠠᠷᠠᠭᠤᠯᠵᠤ᠂ ᠬᠤᠶᠠᠷ ᠤᠯᠤᠰ ᠤᠨ ᠤᠷᠤᠨ ᠨᠤᠳᠤᠬ ᠤᠨ ᠬᠠᠮᠳᠤᠷᠠᠯᠴᠠᠭᠠᠨ ᠤ | ᠴᠢᠨᠠᠷ ᠰᠠᠶᠢᠵᠢᠷᠠᠵᠤ ᠲᠡᠰ ᠲᠡᠪᠰᠢᠬᠦ ᠶᠢ ᠠᠬᠢᠭᠤᠯᠤᠶ᠎ᠠ᠃ ᠠᠮᠤᠷ ᠲᠦᠪᠰᠢᠨ ᠤ ᠬᠠᠮᠳᠤᠷᠠᠯᠴᠠᠭᠠᠨ ᠤ ᠲᠦᠪᠰᠢᠨ ᠢᠶᠠᠨ | ᠪᠦᠬᠦ ᠲᠠᠯ᠎ᠠ ᠪᠠᠷ ᠲᠡᠭᠡᠭᠰᠢᠯᠡᠬᠦᠯᠵᠤ᠂ ︽ᠭᠤᠷᠪᠠᠨ ᠵᠦᠢᠯ ᠤᠨ ᠬᠦᠴᠤᠨ︾᠂ ᠤᠯᠤᠰ ᠠᠯᠤᠰᠯᠠᠬᠰᠠᠨ ᠵᠤᠬᠢᠶᠠᠨ | ᠪᠠᠶᠢᠭᠤᠯᠤᠯᠳᠠ ᠲᠠᠢ ᠶᠠᠯᠠᠳᠤ ᠠᠵᠢᠯᠯᠠᠭ᠎ᠠ᠂ ᠬᠤᠤᠷ ᠰᠠᠷᠢᠭᠠᠯᠠᠬᠤ ᠵᠡᠷᠬᠡ ᠠᠵᠢᠯᠯᠠᠭ᠎ᠠ ᠳᠤ ᠴᠤᠬᠢᠯᠳᠠ ᠦᠭᠬᠦ | ᠡᠷᠴᠢᠮ ᠢᠶᠠᠨ ᠴᠢᠩᠭᠠᠷᠠᠭᠤᠯᠤᠶ᠎ᠠ ᠬᠡᠵᠤ ᠴᠢᠬᠤᠯᠠᠴᠢᠯᠠᠪᠠ᠃ | ᠰᠢ ᠶᠢᠨ ᠫᠢᠩ᠂ ᠺᠢᠷᠬᠢᠽᠰᠲ᠋ᠠᠨ ᠤ ᠬᠢᠨ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ | ᠵᠢᠵᠢᠬᠦᠷ ᠲᠡᠷᠢᠬᠦᠯᠡᠭᠴᠢ ᠤᠯᠤᠰ ᠪᠤᠯᠤᠬᠰᠠᠨ ᠠᠴᠠ ᠨᠠᠭᠠᠰᠢ᠂ ᠡᠯ᠎ᠠ ᠬᠦᠷᠢᠶᠠᠨ ᠤ ᠬᠠᠮᠳᠤᠷᠠᠯᠴᠠᠭ᠎ᠠ ᠶᠢ | ᠲᠤᠭᠳᠠᠭᠤᠨ ᠢᠶᠠᠷ ᠠᠬᠢᠭᠤᠯᠤᠭᠰᠠᠨ ᠢ ᠳᠤᠮᠳᠠᠳᠤ ᠤᠯᠤᠰ ᠲᠡᠭᠡᠳᠤ ᠬᠡᠮᠵᠢᠶ᠎ᠠ ᠪᠠᠷ ᠦᠨᠠᠯᠠᠵᠤ ᠪᠠᠶᠢᠨ᠎ᠠ᠃ ᠳᠤᠮᠳᠠᠳᠤ | ᠤᠯᠤᠰ ᠺᠢᠷᠬᠢᠽᠰᠲ᠋ᠠᠨ ᠤ ᠬᠢᠨ ᠪᠢᠱᠺᠧᠺ ᠤᠨ ᠲᠦᠷᠤᠬᠦᠴᠤᠳ ᠤᠨ ᠬᠤᠷᠠᠯ ᠢ ᠰᠠᠶᠢᠳᠤᠷ ᠡᠷᠬᠢᠯᠡᠬᠦ ᠶᠢ ᠲᠡᠮᠵᠢᠵᠤ᠂ | ᠲᠤᠷᠠᠳᠠᠶ᠎ᠠ ᠪᠢᠱᠺᠧᠺ ᠤᠨ ᠲᠦᠷᠤᠬᠦᠴᠤᠳ ᠤᠨ ᠬᠤᠷᠠᠯ ᠢᠶᠠᠷ ᠠᠵᠠ ᠲᠤᠬᠢᠶᠠᠯ ᠪᠤᠯᠭᠠᠨ᠂ ᠡᠯ᠎ᠠ ᠲᠠᠯ᠎ᠠ ᠶᠢᠨ | ᠬᠠᠮᠳᠤ ᠶᠢᠨ ᠲᠠᠨᠢᠯᠳᠠ ᠶᠢ ᠨᠡᠩ ᠤᠯᠠᠨ ᠨᠢᠬᠳᠠᠷᠠᠭᠤᠯᠵᠤ᠂ ᠬᠠᠮᠳᠤᠷᠠᠯᠴᠠᠭᠠᠨ ᠤ ᠲᠠᠯᠳᠠ ᠬᠦᠴᠤᠨ ᠢ ᠬᠦᠢᠴᠡᠳ | ᠪᠠᠳᠠᠷᠠᠭᠤᠯᠵᠤ᠂ ᠡᠯ᠎ᠠ ᠲᠠᠯ᠎ᠠ ᠳᠤ ᠠᠰᠢᠬ ᠬᠦᠷᠳᠡᠭᠡᠬᠦ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠬᠠᠮᠳᠤ ᠪᠠᠷ | ᠪᠠᠶᠢᠭᠤᠯᠤᠨ᠎ᠠ ᠬᠡᠵᠤ ᠵᠢᠭᠠᠵᠤ ᠭᠠᠷᠭᠠᠪᠠ᠃ | ᠿᠧᠨᠪᠢᠶᠧᠺᠧᠹ᠂ ᠲᠡᠷᠢᠬᠦᠯᠡᠭᠴᠢ ᠰᠢ ᠶᠢᠨ ᠫᠢᠩ ᠤᠨ ᠺᠢᠷᠬᠢᠽᠰᠲ᠋ᠠᠨ ᠳᠤ ᠠᠶᠢᠯᠴᠢᠯᠠᠭᠰᠠᠨ ᠢ ᠲᠠᠬᠢᠨᠳᠠ | ᠬᠠᠯᠠᠭᠤᠨ ᠢᠶᠠᠷ ᠤᠬᠳᠤᠵᠤ ᠪᠠᠶᠢᠨ᠎ᠡ᠃ ᠪᠢ ᠲᠡᠷᠢᠬᠦᠯᠡᠭᠴᠢ ᠰᠢ ᠶᠢᠨ ᠫᠢᠩ ᠲᠠᠢ ᠵᠢᠯ ᠭᠠᠷᠤᠢ ᠶᠢᠨ ᠲᠤᠷᠰᠢ 3 | ᠤᠳᠠᠭ᠎ᠠ ᠠᠭᠤᠯᠵᠠᠯᠳᠠ ᠬᠢᠭᠰᠡᠨ ᠨᠢ ᠬᠤᠶᠠᠷ ᠤᠯᠤᠰ ᠤᠨ ᠬᠠᠷᠢᠯᠴᠠᠭ᠎ᠠ ᠶᠢᠨ ᠦᠨᠳᠦᠷ ᠲᠦᠪᠰᠢᠨ ᠪᠠ ᠬᠤᠶᠠᠷ | ᠲᠠᠯ᠎ᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠬᠤ ᠢᠳᠡᠪᠬᠢᠵᠢᠯ ᠢ ᠬᠦᠢᠴᠡᠳ ᠬᠠᠷᠠᠭᠤᠯᠵᠤ ᠪᠤᠢ᠃ ᠺᠢᠷᠬᠢᠽᠰᠲ᠋ᠠᠨ | ᠡᠭᠦᠷᠢᠳᠡ ᠲᠤᠮᠳᠠᠳᠤ ᠤᠯᠤᠰ ᠤᠨ ᠰᠠᠶᠢᠨ ᠬᠦᠷᠰᠢ᠂ ᠰᠠᠶᠢᠨ ᠨᠠᠶᠢᠵᠠ᠂ ᠰᠠᠶᠢᠨ ᠬᠠᠨᠢᠳᠠᠨ ᠪᠤᠯᠬᠤ ᠶᠤᠮ᠂ ᠪᠦᠬᠦᠳᠠ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠠᠶᠢᠭᠤᠯᠤᠬᠳᠠᠬᠰᠡᠨ 70 ᠵᠢᠯ ᠤᠨ ᠤᠢ ᠳᠤ ᠪᠠᠶᠠᠷ ᠬᠦᠷᠭᠡᠵᠤ ᠪᠠᠶᠢᠨ᠎ᠡ | ᠂ ᠲᠤᠮᠳᠠᠳᠤ ᠤᠯᠤᠰ ᠤᠨ ᠠᠷᠠᠳ ᠲᠦᠮᠡᠨ ᠲᠡᠷᠢᠬᠦᠯᠡᠭᠴᠢ ᠰᠢ ᠶᠢᠨ ᠫᠢᠩ ᠪᠤᠯᠤᠨ ᠲᠤᠮᠳᠠᠳᠤ ᠤᠯᠤᠰ ᠤᠨ ᠡᠪ | ᠬᠠᠮᠳᠤ ᠨᠠᠮ ᠤᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ ᠯᠤᠳᠤ ᠶᠡᠭᠡ ᠠᠮᠵᠢᠯᠳᠠ ᠪᠦᠳᠦᠮᠵᠢ ᠤᠯᠤᠬᠰᠡᠨ ᠳᠤ | ᠪᠠᠶᠠᠷ ᠬᠦᠷᠭᠡᠵᠤ ᠪᠠᠶᠢᠨ᠎ᠡ᠂ ᠠᠭᠤᠤ ᠶᠡᠭᠡ ᠲᠤᠮᠳᠠᠳᠤ ᠤᠯᠤᠰ ᠨᠡᠩ ᠴᠡᠴᠡᠭᠯᠡᠨ ᠬᠦᠭᠵᠢᠬᠦ ᠶᠢ ᠬᠦᠰᠡᠨ ᠵᠦᠡᠭᠨᠡᠵᠤ | ᠪᠠᠶᠢᠨ᠎ᠡ᠃ ᠲᠡᠷᠢᠬᠦᠯᠡᠭᠴᠢ ᠰᠢ ᠶᠢᠨ ᠫᠢᠩ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠦᠵᠡᠯ ᠰᠠᠨᠠᠭ᠎ᠠ ᠪᠠ | ᠲᠤᠷᠰᠢᠯᠭ᠎ᠠ ᠨᠢ ᠺᠢᠷᠬᠢᠽᠰᠲ᠋ᠠᠨ ᠳᠤ ᠮᠠᠰᠢ ᠶᠡᠭᠡ ᠲᠤᠯᠢᠯᠠᠬᠤ ᠠᠴᠢ ᠬᠤᠯᠪᠤᠬᠳᠠᠯ ᠲᠠᠢ ᠶᠤᠮ᠃ ᠺᠢᠷᠬᠢᠽᠰᠲ᠋ᠠᠨ ᠤ ᠬᠢᠨ | ᠲᠤᠮᠳᠠᠳᠤ ᠶᠢᠨ ᠲᠠᠯ᠎ᠡ ᠶᠢᠨ ᠬᠢᠨ ᠤ ᠺᠢᠷᠬᠢᠽᠰᠲ᠋ᠠᠨ ᠤ ᠤᠯᠤᠰ ᠤᠨ ᠬᠦᠭᠵᠢᠯᠳᠠ᠂ ᠠᠷᠠᠳ ᠤᠨ ᠠᠮᠢᠳᠤᠷᠠᠯ ᠤᠨ | ᠰᠠᠶᠢᠵᠢᠷᠠᠯᠳᠠ ᠳᠤ ᠦᠵᠡᠬᠦᠯᠦᠭᠰᠡᠨ ᠤᠷᠳᠤ ᠬᠤᠭᠤᠴᠠᠭᠠᠨ ᠤ ᠬᠦᠴᠦᠳᠠᠢ ᠲᠤᠰᠠᠯᠠᠮᠵᠢ ᠪᠠ ᠲᠠᠮᠵᠢᠯᠭᠡ ᠳᠤ | ᠲᠠᠯᠠᠷᠬᠠᠵᠤ ᠪᠠᠶᠢᠨ᠎ᠡ᠃ ᠺᠢᠷᠬᠢᠽᠰᠲ᠋ᠠᠨ ᠤ ᠬᠢᠨ ᠨᠢᠭᠡ ᠲᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ | ᠭᠡᠷᠡᠭᠵᠢᠬᠦᠯᠤᠨ᠎ᠡ᠂ ᠲᠤᠮᠳᠠᠳᠤ ᠤᠯᠤᠰ ᠤᠨ ᠤᠯᠤᠰ ᠤᠨ ᠲᠤᠳᠤᠭᠠᠳᠤ ᠶᠢᠨ ᠴᠦᠬᠡᠨ ᠲᠤᠭᠠᠳᠤ ᠦᠨᠳᠦᠰᠦᠳᠡᠨ ᠤ | ᠭᠡᠷᠡᠭ ᠶᠠᠪᠤᠳᠠᠯ ᠪᠤᠯ ᠴᠦᠮ ᠲᠤᠮᠳᠠᠳᠤ ᠤᠯᠤᠰ ᠤᠨ ᠲᠤᠳᠤᠭᠠᠳᠤ ᠵᠠᠰᠠᠭ ᠤᠨ ᠶᠠᠪᠤᠳᠠᠯ ᠮᠦᠨ ᠭᠡᠵᠤ ᠦᠵᠡᠵᠤ᠂ | ᠲᠤᠮᠳᠠᠳᠤ ᠤᠯᠤᠰ ᠤᠨ ᠵᠠᠰᠠᠭ ᠤᠨ ᠤᠷᠳᠤᠨ ᠤ ᠡᠬᠦᠨ ᠤ ᠲᠦᠯᠦᠭᠡ ᠠᠪᠤᠬᠰᠡᠨ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠠᠮᠵᠢᠨ᠎ᠡ᠃ ᠺᠢᠷᠬᠢᠽᠰᠲ᠋ᠠᠨ ᠤ ᠬᠢᠨ ᠲᠤᠮᠳᠠᠳᠤ ᠶᠢᠨ ᠲᠠᠯ᠎ᠡ ᠲᠠᠢ ᠠᠳᠠᠯᠢ ᠪᠠᠷ ︽ᠭᠤᠷᠪᠡᠨ ᠵᠦᠢᠯ ᠤᠨ | ᠬᠦᠴᠦᠨ︾ ᠳᠤ ᠡᠷᠡᠰ ᠴᠤᠬᠢᠯᠳᠠ ᠦᠭᠬᠦ ᠪᠠᠷ ᠬᠦᠴᠦᠯᠡᠨ ᠴᠢᠷᠮᠠᠶᠢᠨ᠎ᠡ᠃ ᠺᠢᠷᠬᠢᠽᠰᠲ᠋ᠠᠨ ᠤ ᠤᠯᠤᠰ ᠤᠨ | ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠬᠢᠬᠡᠳ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ | ᠪᠠᠶᠢᠭᠤᠯᠬᠤ ᠰᠠᠨᠠᠭᠠᠴᠢᠯᠠᠭ᠎ᠠ ᠮᠠᠰᠢ ᠳᠤᠬᠢᠷᠠᠯᠴᠠᠵᠤ᠂ ᠺᠢᠷᠬᠢᠽᠰᠲ᠋ᠠᠨ ᠤ ᠬᠢᠨ ᠲᠤᠷᠠᠳᠠᠶ᠎ᠡ ᠲᠤᠮᠳᠠᠳᠤ ᠶᠢᠨ ᠲᠠᠯ᠎ᠡ ᠲᠠᠢ | ᠲᠤᠬᠳᠠᠴᠠᠵᠢᠭᠤᠯᠤᠬᠰᠡᠨ ᠪᠠᠶᠢᠷᠢᠯᠠᠭᠤᠯᠤᠯᠳᠠ ᠬᠢᠵᠦ ᠵᠤᠯᠭᠠᠭᠤᠯᠬᠤ ᠬᠠᠮᠳᠤᠷᠠᠯᠴᠠᠭ᠎ᠠ ᠶᠢ ᠠᠬᠢᠭᠤᠯᠵᠤ᠂ ᠠᠷᠠᠯᠵᠢᠶ᠎ᠡ᠂ | ᠪᠡᠯᠡ ᠤᠷᠤᠭᠤᠯᠤᠯᠳᠠ᠂ ᠡᠨᠧᠷᠬᠢ᠂ ᠬᠦᠳᠡᠭᠡ ᠠᠵᠤ ᠠᠬᠤᠢ᠂ ᠵᠠᠮ ᠬᠠᠷᠢᠯᠴᠠᠭ᠎ᠠ᠂ ᠤᠷᠤᠨ ᠨᠤᠳᠤᠭ ᠤᠨ | ᠬᠠᠮᠳᠤᠷᠠᠯᠴᠠᠭ᠎ᠠ ᠪᠠᠨ ᠬᠦᠨᠵᠡᠭᠡᠶᠢᠷᠠᠬᠦᠯᠵᠤ᠂ ᠰᠤᠶᠤᠯ ᠢᠷᠭᠡᠨᠰᠢᠯ ᠤᠨ ᠰᠤᠯᠢᠯᠴᠠᠭ᠎ᠠ ᠪᠠᠨ ᠨᠡᠮᠡᠭᠳᠡᠭᠦᠯᠦᠨ᠎ᠠ᠃ | ᠺᠢᠷᠬᠢᠽᠰᠲ᠋ᠠᠨ ᠪᠤᠯᠤᠨ ᠲᠤᠮᠳᠠᠳᠤ ᠤᠯᠤᠰ ᠲᠡᠯᠡᠭᠡᠢ ᠶᠢᠨ ᠪᠠ ᠭᠠᠵᠠᠷ ᠤᠷᠤᠨ ᠤ ᠠᠰᠠᠭᠤᠳᠠᠯ ᠲᠡᠭᠡᠷᠡᠬᠢ ᠵᠤᠬᠰᠤᠯᠳᠠ | ᠠᠳᠠᠯᠢᠪᠳᠤᠷ ᠪᠠᠶᠢᠵᠤ᠂ ᠬᠤᠶᠠᠷ ᠲᠠᠯ᠎ᠡ ᠶᠢᠨ ᠬᠢᠨ ᠤ ᠤᠯᠠᠨ ᠲᠠᠯ᠎ᠡ ᠶᠢᠨ ᠵᠤᠬᠢᠴᠠᠭᠤᠯᠭ᠎ᠠ ᠶᠢ ᠴᠢᠩᠭᠠᠳᠬᠠᠬᠤ ᠳᠤ | ᠰᠠᠶᠢᠨ ᠰᠠᠭᠤᠷᠢ ᠲᠠᠯᠪᠢᠪᠠ᠃ ᠺᠢᠷᠬᠢᠽᠰᠲ᠋ᠠᠨ ᠤ ᠬᠢᠨ ᠲᠤᠮᠳᠠᠳᠤ ᠶᠢᠨ ᠲᠠᠯ᠎ᠡ ᠶᠢᠨ ᠺᠢᠷᠬᠢᠽᠰᠲ᠋ᠠᠨ ᠤ ᠱᠠᠩᠬᠠᠢ ᠶᠢᠨ | ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠵᠢᠵᠢᠬᠦᠷ ᠲᠡᠷᠢᠬᠦᠯᠡᠭᠴᠢ ᠤᠯᠤᠰ ᠤᠨ ᠲᠤᠰᠢᠶᠠᠯ ᠢ ᠡᠬᠦᠷᠭᠡᠯᠡᠵᠤ | ᠠᠵᠢᠯ ᠢᠶᠠᠨ ᠦᠷᠨᠢᠬᠦᠯᠬᠦ ᠶᠢᠨ ᠬᠠᠮᠳᠤ ᠪᠢᠱᠺᠧᠺ ᠤᠨ ᠲᠦᠷᠦᠬᠦᠴᠤᠳ ᠤᠨ ᠬᠤᠷᠠᠯ ᠢ ᠭᠤᠤᠯᠯᠠᠨ ᠡᠷᠬᠢᠯᠡᠬᠦ ᠳᠤ | ᠦᠵᠡᠬᠦᠯᠦᠭᠰᠡᠨ ᠡᠷᠬᠢᠮ ᠨᠠᠨᠳᠢᠨ ᠲᠠᠮᠵᠢᠯᠭᠡ ᠳᠤ ᠲᠠᠯᠠᠷᠬᠠᠵᠤ ᠪᠠᠶᠢᠨ᠎ᠡ ᠭᠡᠵᠤ ᠢᠯᠡᠳᠭᠡᠪᠡ᠃ | ᠰᠢ ᠶᠢᠨ ᠫᠢᠩ ᠿᠸᠡᠪᠢᠶᠧᠺᠧᠹ ᠤᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ | 70 ᠵᠢᠯ ᠤᠨ ᠤᠢ ᠳᠤ ᠪᠠᠶᠠᠷ ᠬᠦᠷᠭᠡᠭᠰᠡᠨ ᠳᠤ ᠲᠠᠯᠠᠷᠬᠠᠵᠦ᠂ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 | ᠵᠢᠯ ᠤᠨ ᠤᠢ ᠶᠢ ᠪᠡᠯᠭᠡᠯᠡᠬᠦ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠶᠠᠬ ᠪᠦᠬᠦ ᠨᠠᠮ ᠤᠨ ᠬᠢᠨ ᠢ | ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠬᠡᠷᠡᠭᠳᠠᠢ ᠭᠡᠵᠦ | ᠵᠤᠷᠢᠬᠵᠢᠭᠤᠯᠵᠤ ᠪᠤᠢ᠃ ᠤᠯᠤᠬᠰᠠᠨ ᠠᠮᠵᠢᠯᠲᠠ ᠳᠠᠭᠠᠨ ᠪᠢᠳᠠ ᠵᠢᠭᠠᠬᠠᠨ ᠴᠤ ᠰᠡᠳᠬᠢᠯ ᠬᠠᠨᠤᠵᠦ ᠪᠤᠯᠬᠤ ᠦᠭᠡᠢ᠂ | ᠬᠡᠪᠡᠴᠦ ᠰᠢᠨ᠎ᠡ ᠴᠠᠬ ᠦᠶ᠎ᠡ ᠶᠢᠨ ᠤᠷᠲᠤ ᠵᠠᠮ ᠤᠨ ᠠᠶᠠᠨ ᠳᠠᠶᠢᠨ ᠢᠶᠠᠨ ᠰᠠᠶᠢᠳᠤᠷ ᠬᠢᠬᠦ ᠢᠲᠡᠭᠡᠯ ᠵᠤᠷᠢᠭ ᠲᠡᠭᠦᠯᠳᠡᠷ | ᠪᠠᠶᠢᠨ᠎ᠠ ᠭᠡᠵᠦ ᠵᠢᠭᠠᠵᠤ ᠭᠠᠷᠭᠠᠪᠠ᠃ | ᠬᠡᠯᠡᠯᠴᠡᠭᠡ ᠳᠠᠭᠤᠰᠤᠬᠰᠠᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠠᠮᠲᠤ ᠪᠠᠷ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠤᠯᠤᠨ ᠪᠦᠭᠦᠳᠡ ᠨᠠᠶᠢᠷᠠᠮᠳᠠᠬᠤ ᠺᠢᠷᠬᠢᠽᠰᠲ᠋ᠠᠨ ᠤᠯᠤᠰ ᠤᠨ ᠪᠦᠬᠦ | ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠴᠢᠨᠠᠬᠰᠢᠲᠠ ᠭᠦᠨᠵᠡᠭᠡᠶᠢᠷᠡᠭᠦᠯᠬᠦ ᠲᠤᠬᠠᠢ | ᠬᠠᠮᠲᠤᠷᠠᠬᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠭᠰᠠᠨ ᠪᠦᠭᠡᠳ ᠤᠯᠠᠨ ᠲᠦᠷᠦᠯ ᠤᠨ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲᠧᠷᠢᠶᠠᠯ ᠰᠤᠯᠢᠯᠴᠠᠬᠤ ᠶᠢ ᠬᠡᠷᠡᠴᠢᠯᠡᠵᠠᠢ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | ᠬᠡᠯᠡᠯᠴᠡᠭᠡ ᠬᠢᠬᠦ ᠠᠴᠠ ᠡᠮᠦᠨ᠎ᠡ᠂ ᠿᠸᠡᠪᠢᠶᠧᠺᠧᠹ ᠠᠯᠠ ᠊ ᠠᠷᠴᠠ ᠲᠦᠷᠦ ᠶᠢᠨ ᠵᠤᠴᠢᠳ ᠤᠨ ᠪᠠᠭᠤᠳᠠᠯ ᠤᠨ | ᠬᠤᠷᠠᠯ ᠤᠨ ᠲᠦᠪ ᠤᠨ ᠡᠮᠦᠨᠡᠬᠢ ᠠᠭᠤᠳᠠᠮ ᠲᠠᠯᠠᠪᠠᠢ ᠳᠤ ᠰᠢ ᠶᠢᠨ ᠫᠢᠩ ᠢ ᠤᠬᠲᠤᠬᠤ ᠦᠪᠡᠳᠡᠭᠰᠢ ᠶᠡᠭᠡ ᠶᠤᠰᠤᠯᠠᠯ | ᠶᠠᠪᠤᠭᠤᠯᠪᠠ᠃ | ᠵᠢᠷᠭᠤᠭᠠᠨ ᠰᠠᠷ᠎ᠠ ᠶᠢᠨ ᠪᠢᠱᠺᠧᠺ ᠲᠤ ᠨᠡᠷ᠎ᠡ ᠳᠤᠯᠠᠶᠢᠵᠤ ᠲᠩᠷᠢ ᠴᠡᠯᠮᠡᠭᠰᠢᠨ᠂ ᠤᠬᠲᠠᠷᠭᠤᠢ ᠳᠤ ᠰᠢᠷᠬᠡᠭ | ᠡᠬᠦᠯᠡ ᠴᠤ ᠦᠬᠡᠢ ᠪᠠᠶᠢᠯ᠎ᠠ᠃ | ᠰᠢ ᠶᠢᠨ ᠫᠢᠩ ᠲᠡᠷᠬᠡᠨ ᠳᠤ ᠰᠠᠭᠤᠵᠤ ᠠᠭᠤᠳᠠᠮ ᠲᠠᠯᠠᠪᠠᠢ ᠳᠤ ᠬᠦᠷᠬᠦ ᠳᠤ ᠿᠸᠡᠪᠢᠶᠧᠺᠧᠹ ᠬᠠᠯᠠᠭᠤᠨ ᠢᠶᠠᠷ | ᠤᠬᠲᠤᠵᠤ ᠠᠪᠤᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ | ᠬᠦᠭᠵᠢᠮ ᠤᠨ ᠪᠦᠯᠬᠦᠮ ᠳᠤᠮᠳᠠᠳᠤ ᠺᠢᠷᠭᠢᠽᠰᠲ᠋ᠠᠨ ᠬᠤᠶᠠᠷ ᠤᠯᠤᠰ ᠤᠨ ᠰᠦᠯᠳᠡ ᠳᠠᠭᠤᠤ ᠶᠢ ᠬᠦᠭᠵᠢᠮᠳᠡᠯᠠ᠃ | ᠬᠤᠶᠠᠷ ᠤᠯᠤᠰ ᠤᠨ ᠲᠡᠷᠢᠭᠦᠨ ᠶᠤᠰᠤᠯᠠᠯ ᠤᠨ ᠴᠡᠷᠢᠭ ᠠᠩᠬᠢ ᠶᠢ ᠰᠢᠯᠭᠠᠨ ᠦᠵᠡᠪᠡ᠃ ᠰᠢ ᠶᠢᠨ ᠫᠢᠩ | ᠶᠤᠰᠤᠯᠠᠯ ᠤᠨ ᠴᠡᠷᠢᠭ ᠠᠩᠬᠢ ᠶᠢᠨ ᠵᠢᠭᠰᠠᠭᠠᠯ ᠤᠨ ᠳᠤᠮᠳᠠ ᠬᠦᠷᠴᠤ ᠺᠢᠷᠭᠢᠽᠰ ᠬᠡᠯᠡ ᠪᠠᠷ᠄ ᠪᠠᠶᠢᠯᠳᠤᠬᠴᠢᠳ ᠰᠠᠶᠢᠨ | ᠪᠠᠶᠢᠨ᠎ᠠ ᠤᠤ︕ ᠭᠡᠰᠡᠨ ᠳᠤ ᠶᠤᠰᠤᠯᠠᠯ ᠤᠨ ᠴᠡᠷᠢᠭ ᠠᠩᠬᠢ ᠶᠢᠨ ᠬᠢᠨ ᠺᠢᠷᠭᠢᠽᠰ ᠬᠡᠯᠡ ᠪᠠᠷ ᠢᠶᠠᠨ᠄ ᠲᠠᠨ ᠢ | ᠪᠠᠶᠠᠷᠯᠠᠨ ᠤᠬᠲᠤᠵᠤ ᠪᠠᠶᠢᠨ᠎ᠠ︕ ᠭᠡᠵᠦ ᠬᠠᠷᠢᠭᠤᠯᠪᠠ᠃ ᠰᠢ ᠶᠢᠨ ᠫᠢᠩ ᠿᠸᠡᠪᠢᠶᠧᠺᠧᠹ ᠲᠠᠢ ᠬᠠᠮᠲᠤ ᠴᠡᠷᠢᠭ ᠤᠨ | ᠵᠢᠬᠰᠠᠭᠠᠯ ᠢ ᠦᠵᠡᠪᠡ᠃ | ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ | ᠤᠷᠤᠯᠴᠠᠵᠠᠢ᠃ |