| | | | | 6 ᠰᠠᠷ᠎ᠠ ᠶᠢᠨ 15 ᠤ ᠦᠳᠡ ᠶᠢᠨ ᠬᠤᠶᠢᠨ᠎ᠠ᠂ ᠪᠦᠬᠦ ᠤᠷᠤᠨ ᠤ ᠶᠡᠭᠡ ᠰᠤᠷᠤᠯᠴᠠᠯᠭ᠎ᠠ ᠶᠡᠭᠡ | ᠶᠠᠷᠢᠯᠴᠠᠭ᠎ᠠ ᠶᠢᠨ ᠬᠤᠶᠠᠳᠤᠭᠠᠷ ᠲᠠᠯᠠᠪᠠᠢ ᠶᠢᠨ ᠲᠤᠰᠬᠠᠢ ᠰᠡᠳᠦᠪᠲᠤ ᠲᠠᠶᠢᠯᠤᠮᠵᠢ ᠬᠦᠬᠡᠬᠤᠲᠠ ᠳᠤ ᠶᠠᠪᠤᠬᠳᠠᠵᠤ᠂ | ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠮᠤᠵᠢ ᠶᠢᠨ | ᠳᠠᠷᠤᠭ᠎ᠠ ᠹᠧᠩ ᠹᠸᠢ ︽ᠵᠧᠵᠢᠶᠠᠩ ᠮᠤᠵᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠭᠰᠠᠨ ᠰᠦᠪᠡᠭᠴᠢᠯᠡᠯ | ᠬᠢᠬᠡᠳ ᠦᠢᠯᠡᠳᠦᠯᠭᠡ︾ ᠬᠡᠬᠦ ᠰᠡᠳᠦᠪ ᠢᠶᠠᠷ ᠲᠤᠰᠬᠠᠢ ᠰᠡᠳᠦᠪᠲᠤ ᠮᠡᠳᠡᠭᠦᠯᠦᠯᠲᠡ ᠬᠢᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ᠂ ᠦᠪᠡᠷᠲᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠯᠢ ᠰᠢᠤ ᠯᠢᠩ ᠲᠠᠶᠢᠯᠤᠮᠵᠢ ᠳᠤ ᠤᠷᠤᠯᠴᠠᠪᠠ᠃ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ | ᠯᠢᠨ ᠱᠤᠤ ᠴᠦᠨ ᠲᠠᠶᠢᠯᠤᠮᠵᠢ ᠶᠢ ᠡᠷᠬᠢᠯᠡᠪᠡ᠃ ᠬᠦᠬᠡᠬᠤᠳᠠ ᠳᠤ ᠪᠠᠶᠢᠭ᠎ᠠ ᠦᠪᠡᠷᠲᠡᠭᠡᠨ ᠵᠠᠰᠠᠬᠤ ᠤᠷᠤᠨ ᠤ | ᠮᠤᠵᠢ ᠶᠢᠨ ᠳᠡᠰ ᠤᠨ ᠤᠳᠤᠷᠢᠳᠤᠯᠭ᠎ᠠ ᠪᠤᠯᠤᠨ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠭᠤᠤᠯ | ᠬᠠᠷᠢᠭᠤᠴᠠᠯᠭᠠᠲᠠᠳ ᠲᠠᠶᠢᠯᠤᠮᠵᠢ ᠳᠤ ᠤᠷᠤᠯᠴᠠᠵᠠᠢ᠃ | ᠮᠡᠳᠡᠭᠦᠯᠦᠯᠲᠡ ᠳᠤ᠂ ᠵᠧᠵᠢᠶᠠᠩ ᠮᠤᠵᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ | ᠰᠦᠪᠡᠭᠴᠢᠯᠡᠭᠰᠡᠨ ︽ᠨᠠᠶᠢᠮᠠ ᠨᠠᠶᠢᠮᠠ ᠶᠢᠨ ᠪᠠᠶᠢᠯᠳᠤᠬᠤ ᠪᠤᠳᠤᠯᠭ᠎ᠠ︾ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ᠂ ︽ᠴᠢᠨᠠᠷ ᠰᠠᠶᠢᠲᠠᠢ ᠬᠦᠭᠵᠢᠯᠲᠡ ᠶᠢᠨ ᠰᠢᠷᠢᠰ ᠠᠵᠢᠯᠯᠠᠭ᠎ᠠ︾ ᠦᠷᠨᠢᠬᠦᠯᠦᠭᠰᠡᠨ ᠭᠤᠤᠯ | ᠰᠡᠳᠦᠪ ᠤᠨ ᠲᠤᠭᠤᠷᠢᠨ ᠳᠤ ᠴᠢᠨᠠᠷ ᠰᠠᠶᠢᠲᠠᠢ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ᠂ ᠴᠢᠨᠠᠷ | ᠰᠠᠶᠢᠲᠠᠢ ᠬᠦᠭᠵᠢᠯᠲᠡ ᠶᠢᠨ ᠦᠨᠳᠦᠷᠯᠢᠭ ᠢ ᠡᠭᠦᠳᠦᠨ ᠴᠤᠬᠴᠠᠯᠠᠬᠤ᠂ ᠴᠢᠨᠠᠷ ᠰᠠᠶᠢᠲᠠᠢ ᠬᠦᠭᠵᠢᠯᠲᠡ ᠶᠢᠨ ᠬᠦᠳᠡᠯᠭᠡᠬᠦ | ᠬᠦᠴᠦᠨ ᠢ ᠨᠡᠮᠡᠭᠳᠡᠭᠦᠯᠬᠦ᠂ ᠴᠢᠨᠠᠷ ᠰᠠᠶᠢᠲᠠᠢ ᠬᠦᠭᠵᠢᠯᠲᠡ ᠶᠢᠨ ᠰᠠᠭᠤᠷᠢ ᠦᠩᠭᠡ ᠶᠢ ᠵᠢᠷᠤᠬᠯᠠᠬᠤ᠂ ᠴᠢᠨᠠᠷ ᠰᠠᠶᠢᠲᠠᠢ | ᠬᠦᠭᠵᠢᠯᠲᠡ ᠶᠢᠨ ᠲᠤᠲᠠᠭᠤᠳᠠᠯ ᠢᠶᠠᠨ ᠭᠦᠢᠴᠡᠳ ᠨᠦᠬᠦᠪᠦᠷᠢᠯᠡᠬᠦ᠂ ᠴᠢᠨᠠᠷ ᠰᠠᠶᠢᠲᠠᠢ ᠬᠦᠭᠵᠢᠯᠲᠡ ᠶᠢᠨ ᠦᠷ᠎ᠡ | ᠪᠦᠲᠦᠭᠡᠯ ᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠠᠴᠠ ᠵᠧᠵᠢᠶᠠᠩ ᠮᠤᠵᠢ ᠶᠢᠨ ︽ᠨᠠᠢᠮᠠ ᠨᠠᠢᠮᠠ ᠶᠢᠨ ᠪᠠᠶᠢᠯᠳᠤᠬᠤ | ᠪᠤᠳᠤᠯᠭ᠎ᠠ︾ ᠶᠢ ᠬᠡᠷᠡᠭᠵᠢᠭᠦᠯᠦᠭᠰᠡᠨ᠂ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ᠂ | ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠬᠰᠠᠨ ᠠᠮᠢᠳᠤᠯᠢᠬ ᠦᠢᠯᠡᠳᠦᠯᠭᠡ ᠶᠢ ᠪᠦᠬᠦ ᠲᠠᠯ᠎ᠠ ᠪᠠᠷ ᠰᠢᠰᠲ᠋ᠧᠮ ᠲᠠᠢ | ᠲᠠᠨᠢᠯᠴᠠᠭᠤᠯᠪᠠ᠃ ᠮᠡᠳᠡᠬᠦᠯᠤᠯᠳᠠ ᠶᠢᠨ ᠠᠭᠤᠯᠭ᠎ᠠ ᠨᠢ ᠪᠠᠶᠠᠯᠢᠬ ᠮᠦᠷᠳᠡᠬᠡᠨ ᠲᠡᠯᠬᠡᠷᠡᠩᠬᠦᠢ᠂ ᠭᠡᠷᠡᠭ ᠤᠨ ᠵᠢᠱᠢᠶ᠎ᠠ ᠨᠢ | ᠠᠮᠢᠳᠤᠯᠢᠬ ᠮᠦᠷᠳᠡᠬᠡᠨ ᠰᠢᠨ᠎ᠠ ᠰᠤᠷᠭᠤᠭ ᠪᠠᠶᠢᠵᠤ᠂ ᠤᠨᠤᠯ ᠬᠢᠬᠡᠳ ᠤᠶᠢᠯᠡᠳᠤᠯᠬᠡ ᠶᠢ ᠨᠢᠬᠳᠠ ᠤᠶᠠᠯᠳᠤᠭᠤᠯᠤᠨ᠂ | ᠮᠠᠰᠢ ᠴᠢᠩᠭ᠎ᠠ ᠴᠢᠭᠯᠡᠬᠦᠯᠦᠯᠳᠤ ᠴᠢᠨᠠᠷ ᠪᠠ ᠤᠶᠢᠯᠡᠳᠤᠯᠬᠡᠳᠦ ᠴᠢᠨᠠᠷ ᠲᠠᠢ ᠪᠤᠯᠤᠭᠰᠠᠨ ᠪᠠᠶᠢᠨ᠎ᠠ᠃ | ᠯᠢᠨ ᠱᠤᠤ ᠴᠦᠨ ᠲᠠᠶᠢᠯᠤᠮᠵᠢ ᠶᠢ ᠡᠷᠬᠢᠯᠡᠬᠦ ᠶᠠᠷᠢᠶᠠᠨ ᠳᠠᠭᠠᠨ᠂ ᠵᠧᠵᠢᠶᠠᠩ ᠪᠤᠯ ᠳᠤᠮᠳᠠᠳᠤ ᠤᠯᠤᠰ ᠤᠨ | ᠬᠤᠪᠢᠰᠬᠠᠯ ᠤᠨ ᠤᠯᠠᠭᠠᠨ ᠤᠩᠭᠤᠴᠠ ᠶᠢᠨ ᠠᠶᠠᠨ ᠤ ᠡᠬᠢᠯᠡᠯᠳᠡ ᠶᠢᠨ ᠭᠠᠵᠠᠷ᠂ ᠦᠬᠡᠷᠡᠴᠢᠯᠠᠯᠳᠠ ᠨᠡᠬᠡᠬᠡᠯᠳᠠ ᠶᠢᠨ | ᠬᠤᠰᠢᠭᠤᠴᠢ ᠤᠷᠤᠨ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ | ᠨᠡᠶᠢᠬᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠡᠬᠦᠰᠤᠯᠳᠠ ᠶᠢᠨ ᠭᠠᠵᠠᠷ ᠪᠠᠶᠢᠵᠤ᠂ ᠰᠢᠨ᠎ᠠ ᠬᠦᠭᠵᠢᠯᠳᠠ ᠶᠢᠨ | ᠤᠶᠢᠯᠠᠭᠠᠭᠳᠠᠭᠤᠨ ᠢ ᠲᠤᠭᠤᠰᠢᠯᠠᠭᠤᠯᠬᠤ ᠲᠤᠭᠤᠷᠢᠨ ᠳᠤ ᠦᠪᠡᠷᠮᠢᠴᠠ ᠤᠨᠴᠠᠯᠢᠬ ᠲᠠᠢ ᠰᠠᠶᠢᠨ ᠲᠤᠷᠰᠢᠯᠭ᠎ᠠ ᠰᠠᠶᠢᠨ | ᠠᠷᠭ᠎ᠠ ᠬᠢᠳᠡᠯ ᠢ ᠪᠦᠷᠢᠯᠳᠤᠬᠦᠯᠵᠤ᠂ ᠮᠠᠨ ᠤ ᠤᠷᠤᠨ ᠤ ᠦᠵᠡᠯ ᠰᠠᠨᠠᠭ᠎ᠠ ᠪᠠᠨ ᠲᠠᠬᠢᠨᠳᠠ ᠴᠢᠯᠤᠬᠡᠯᠡᠨ ᠰᠢᠨ᠎ᠠ | ᠬᠦᠭᠵᠢᠯᠳᠠ ᠶᠢᠨ ᠤᠶᠢᠯᠠᠭᠠᠭᠳᠠᠬᠤᠨ ᠢ ᠪᠠᠳᠤᠳᠠᠢ ᠤᠶᠢᠯᠡᠳᠤᠯᠬᠡᠵᠢᠬᠦᠯᠵᠤ ᠴᠢᠨᠠᠷ ᠰᠠᠶᠢᠳᠠᠢ ᠬᠦᠭᠵᠢᠯᠳᠠ ᠶᠢ | ᠠᠬᠢᠭᠤᠯᠬᠤ ᠳᠤ ᠠᠰᠢᠬᠳᠠᠢ ᠰᠡᠩᠬᠡᠷᠡᠬᠦᠯᠤᠯ ᠪᠠ ᠲᠤᠯᠢᠯᠠᠯ ᠬᠠᠩᠭᠠᠪᠠ᠃ ᠪᠦᠬᠦ ᠤᠷᠤᠨ ᠤ ᠦᠷᠬᠡᠨ ᠤᠯᠠᠨ ᠨᠠᠮ ᠤᠨ | ᠬᠡᠰᠢᠬᠦᠨ ᠺᠠᠳ᠋ᠷ ︽ᠤᠬ ᠰᠠᠨᠠᠭ᠎ᠠ ᠪᠠᠨ ᠦᠯᠤ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ | ᠰᠡᠳᠤᠪᠳᠤ ᠬᠦᠮᠤᠵᠢᠯ ᠪᠤᠯᠤᠨ ︽ᠤᠬ ᠰᠠᠨᠠᠭ᠎ᠠ ᠪᠠᠨ ᠰᠠᠬᠢᠬᠤ᠂ ᠡᠬᠦᠷᠬᠡ ᠬᠠᠷᠢᠭᠤᠴᠠᠯᠭ᠎ᠠ ᠡᠬᠦᠷᠬᠡᠯᠡᠬᠦ᠂ | ᠵᠦᠷᠢᠶ᠎ᠠ ᠪᠠᠨ ᠡᠷᠢᠬᠦ᠂ ᠨᠠᠶᠢᠳᠠᠪᠤᠷᠢᠵᠢᠭᠤᠯᠤᠯᠳᠠ ᠶᠢ ᠠᠳᠬᠤᠬᠤ︾ ᠶᠠᠷᠤᠩᠬᠡᠢ ᠱᠠᠭᠠᠷᠳᠠᠯᠭ᠎ᠠ ᠶᠤᠰᠤᠭᠠᠷ᠂ ᠶᠠᠷᠤᠩᠬᠡᠢ | ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠤᠷᠢᠬ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠤ᠂ ᠰᠤᠷᠤᠯᠴᠠᠬᠤᠢ ᠰᠡᠳᠬᠢᠬᠦᠢ ᠭᠡᠷᠡᠭᠯᠡᠬᠦᠢ ᠶᠢ ᠨᠡᠪᠳᠡᠷᠡᠬᠦᠯᠤᠨ | ᠮᠡᠳᠡᠬᠦᠢ ᠢᠳᠡᠬᠡᠬᠦᠢ ᠬᠢᠬᠦᠢ ᠶᠢ ᠨᠢᠬᠡᠳᠤᠬᠦᠯᠵᠤ᠂ ᠲᠡᠮᠡᠴᠡᠯ ᠤᠨ ᠡᠷᠴᠢ ᠵᠤᠷᠢᠬ ᠢᠶᠠᠨ ᠪᠠᠳᠠᠷᠠᠭᠤᠯᠤᠨ᠂ ᠵᠧᠵᠢᠶᠠᠩ ᠤᠨ | ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠬᠦᠢᠴᠡᠳ ᠲᠤᠯᠢᠯᠠᠵᠤ᠂ ᠮᠠᠨ ᠤ ᠤᠷᠤᠨ ᠤ ᠴᠢᠨᠠᠷ ᠰᠠᠶᠢᠳᠠᠢ | ᠬᠦᠭᠵᠢᠯᠳᠠ ᠶᠢ ᠠᠬᠢᠭᠤᠯᠬᠤ ᠰᠡᠳᠬᠢᠴᠠ ᠪᠠ ᠠᠷᠭ᠎ᠠ ᠬᠡᠮᠵᠢᠶ᠎ᠠ ᠶᠢ ᠬᠦᠨᠵᠡᠬᠡᠢ ᠰᠤᠳᠤᠯᠤᠨ ᠨᠠᠷᠢᠨ ᠬᠢᠨᠠᠮᠠᠭᠠᠢ | ᠰᠦᠪᠡᠭᠴᠢᠯᠠᠵᠤ᠂ ᠦᠪᠤᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠪᠠᠶᠢᠳᠠᠯ ᠢ ᠴᠢᠷᠮᠠᠶᠢᠨ ᠡᠬᠦᠳᠬᠦ | ᠭᠡᠷᠡᠭᠳᠠᠢ ᠬᠡᠵᠤ ᠵᠢᠭᠠᠵᠤ ᠭᠠᠷᠭᠠᠪᠠ᠃ | ᠲᠠᠶᠢᠯᠤᠮᠵᠢ ᠶᠢ ᠸᠢᠳᠢᠣ᠋ ᠬᠡᠯᠪᠡᠷᠢ ᠪᠠᠷ ᠠᠶᠢᠮᠠᠬ ᠬᠤᠳᠠ᠂ ᠬᠤᠰᠢᠭᠤ ᠰᠢᠶᠠᠨ ᠳᠤ ᠬᠦᠷᠳᠡᠯ᠎ᠠ ᠨᠡᠪᠳᠡᠷᠡᠬᠦᠯᠦᠭᠰᠡᠨ | ᠪᠠᠶᠢᠨ᠎ᠠ᠃ | | | | | | | ᠮᠠᠨ ᠤ ᠬᠤᠰᠢᠭᠤ ᠸᠢᠳᠢᠣ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ᠃ ᠬᠤᠰᠢᠭᠤ ᠨᠠᠮ ᠤᠨ | ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ | ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ | ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ | ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠯᠢ ᠵᠥᠩ ᠯᠢᠨ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠵᠡᠷᠭᠡ ᠭᠡᠷ | ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ ᠪᠤᠤᠯᠨ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ | ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃ |