6 ᠰᠠᠷ᠎ᠠ ᠶᠢᠨ 16 ᠤ ᠡᠳᠦᠷ᠂ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ 15 | ᠳ᠋ᠤᠭᠠᠷ ᠱᠠᠯᠠᠪᠳᠠᠭᠤᠯᠤᠨ ᠵᠢᠯᠤᠭᠤᠳᠬᠤ ᠲᠤᠭᠤᠶᠢᠯᠠᠩ ᠤᠨ ᠦᠨᠳᠦᠰᠦᠨ ᠱᠠᠳᠤᠨ ᠳᠤ ᠬᠦᠨᠵᠡᠬᠡᠶᠢᠷᠡᠨ | ᠱᠠᠯᠠᠪᠳᠠᠭᠤᠯᠤᠨ ᠵᠢᠯᠤᠭᠤᠳᠬᠤ ᠬᠤᠶᠠᠳᠤᠭᠠᠷ ᠲᠤᠭᠤᠶᠢᠯᠠᠩ ᠤᠨ ᠬᠢᠨ ᠤᠷᠳᠤᠰ ᠬᠤᠳᠡ ᠳᠤ ᠢᠷᠡᠵᠦ ᠠᠵᠢᠯ ᠤᠨ | ᠲᠠᠶᠢᠴᠢᠯᠡᠯᠳᠡ ᠬᠠᠷᠢᠭᠤ ᠮᠡᠳᠡᠬᠦᠯᠦᠯᠳᠡ ᠶᠢᠨ ᠬᠤᠷᠠᠯ ᠢ ᠬᠤᠷᠠᠯᠳᠤᠭᠤᠯᠵᠦ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃ | ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ 15 ᠳ᠋ᠤᠭᠠᠷ ᠱᠠᠯᠠᠪᠳᠠᠭᠤᠯᠤᠨ | ᠵᠢᠯᠤᠭᠤᠳᠬᠤ ᠲᠤᠭᠤᠶᠢᠯᠠᠩ ᠤᠨ ᠦᠨᠳᠦᠰᠦᠨ ᠱᠠᠳᠤᠨ ᠳᠤ ᠬᠦᠨᠵᠡᠬᠡᠶᠢᠷᠡᠨ ᠱᠠᠯᠠᠪᠳᠠᠭᠤᠯᠤᠨ ᠵᠢᠯᠤᠭᠤᠳᠬᠤ | ᠬᠤᠶᠠᠳᠤᠭᠠᠷ ᠲᠤᠭᠤᠶᠢᠯᠠᠩ ᠤᠨ ᠲᠠᠷᠤᠭ᠎ᠠ ᠳ᠋ᠤᠸᠠᠨ ᠯᠢ ᠳ᠋ᠦᠡᠭ ᠠᠴᠠ ᠲᠠᠶᠢᠴᠢᠯᠡᠯᠳᠡ ᠶᠢᠨ ᠶᠠᠷᠢᠶ᠎ᠠ ᠲᠠᠯᠪᠢᠵᠦ ᠰᠢ | ᠶᠢᠨ ᠫᠢᠡᠭ ᠶᠡᠷᠦᠩᠬᠡᠢ ᠱᠦᠵᠢ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ | ᠠᠵᠢᠯ ᠳᠠᠬᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠡᠨ ᠡᠨᠡ ᠤᠳᠠᠭᠠᠨ ᠤ ᠱᠠᠯᠠᠪᠳᠠᠭᠤᠯᠤᠨ | ᠵᠢᠯᠤᠭᠤᠳᠬᠤ ᠠᠵᠢᠯ ᠤᠨ ᠡᠬᠦᠷᠬᠡ ᠬᠠᠷᠠᠯᠳᠡ ᠪᠠ ᠰᠠᠬᠢᠯᠭ᠎ᠠ ᠪᠠᠳᠤ ᠱᠠᠭᠠᠷᠳᠡᠯᠭ᠎ᠠ ᠵᠡᠷᠬᠡ ᠶᠢ ᠲᠤᠳᠤᠷᠬᠠᠶᠢᠯᠠᠵᠦ ᠪᠠᠰᠠ | ᠱᠠᠯᠠᠪᠳᠠᠭᠤᠯᠤᠨ ᠵᠢᠯᠤᠭᠤᠳᠬᠤ ᠠᠵᠢᠯ ᠳᠤ ᠰᠠᠶᠢᠲᠤᠷ ᠬᠠᠮᠵᠢᠯᠴᠠᠬᠤ᠂ ᠱᠠᠯᠠᠪᠳᠠᠭᠤᠯᠤᠨ ᠵᠢᠯᠤᠭᠤᠳᠬᠤ ᠶᠢᠨ ᠲᠠᠭᠠᠤ | ᠳᠤ ᠵᠠᠰᠠᠨ ᠴᠡᠭᠴᠡᠯᠡᠵᠦ ᠨᠡᠶᠢᠳᠡᠪᠦᠷᠢᠵᠢᠭᠤᠯᠬᠤ᠂ ᠰᠤᠷᠠᠭ ᠵᠠᠩᠬᠢ ᠶᠢ ᠢᠯᠡ ᠪᠤᠯᠭᠠᠬᠤ᠂ ᠵᠤᠬᠢᠴᠠᠭᠤᠯᠭ᠎ᠠ ᠪᠠᠳᠤᠯᠠᠭ᠎ᠠ | ᠶᠢᠨ ᠠᠵᠢᠯ ᠤᠨ ᠲᠤᠭᠤᠷᠢᠨ ᠳᠤ ᠪᠤᠳᠡᠳᠡᠢ ᠱᠠᠭᠠᠷᠳᠡᠯᠭ᠎ᠠ ᠲᠤᠷᠠᠳᠤᠭᠰᠠᠨ ᠪᠠᠶᠢᠨ᠎ᠠ᠃ ᠬᠤᠳᠡ ᠶᠢᠨ ᠨᠠᠮ ᠤᠨ | ᠬᠤᠷᠢᠶᠠᠨ ᠤ ᠱᠦᠵᠢ ᠨᠢᠤ ᠵᠢᠶᠦ᠋ᠨ ᠶᠠᠨ ᠮᠠᠨ ᠤ ᠬᠤᠳᠡ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠲᠤᠰᠬᠠᠢ ᠲᠡᠮᠡᠴᠡᠯ ᠤᠨ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠢ ᠬᠠᠷᠢᠭᠤ ᠮᠡᠳᠡᠬᠦᠯᠦᠭᠰᠡᠨ ᠤ ᠬᠠᠮᠳᠦ | ᠲᠠᠶᠢᠴᠢᠯᠡᠯᠳᠡ ᠶᠢᠨ ᠶᠠᠷᠢᠶ᠎ᠠ ᠲᠠᠯᠪᠢᠪᠠ᠃ | ᠳ᠋ᠤᠸᠠᠨ ᠯᠢ ᠳ᠋ᠦᠡᠭ ᠱᠠᠭᠠᠷᠳᠡᠬᠤ ᠳᠠᠭᠠᠨ᠂ ᠰᠢ ᠶᠢᠨ ᠫᠢᠡᠭ ᠶᠡᠷᠦᠩᠬᠡᠢ ᠱᠦᠵᠢ ᠶᠢᠨ ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠲᠦᠯᠬᠢᠨ ᠠᠬᠢᠭᠤᠯᠬᠤ ᠲᠤᠬᠠᠢ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠡᠵᠡᠮᠳᠡᠵᠦ ᠡᠷᠡᠰ ᠲᠤᠭᠤᠰᠢᠯᠠᠭᠤᠯᠤᠨ | ᠨᠡᠶᠢᠳᠡᠪᠦᠷᠢᠵᠢᠭᠤᠯᠵᠦ ᠱᠠᠯᠠᠪᠳᠠᠭᠤᠯᠤᠨ ᠵᠢᠯᠤᠭᠤᠳᠬᠤ ᠠᠵᠢᠯ ᠢ ᠦᠷᠨᠢᠬᠦᠯᠬᠦ ᠶᠢᠨ ᠴᠢᠬᠤᠯᠠ ᠴᠢᠨᠡᠷ ᠢ ᠬᠦᠢᠴᠡᠳ | ᠲᠠᠨᠢᠨ ᠤᠯᠤᠰ ᠲᠦᠷᠦ ᠶᠢᠨ ᠬᠠᠷᠢᠭᠤᠴᠠᠯᠭᠠᠳᠦ ᠴᠢᠨᠡᠷ᠂ ᠲᠡᠤᠬᠡ ᠶᠢᠨ ᠬᠠᠷᠢᠭᠤᠴᠠᠯᠭᠠᠳᠦ ᠴᠢᠨᠡᠷ᠂ ᠠᠵᠢᠯ ᠤᠨ | ᠲᠤᠯᠭᠠᠮ᠎ᠠ ᠴᠢᠨᠡᠷ ᠢᠶᠠᠨ ᠦᠨᠡᠨᠬᠦ ᠴᠢᠩᠭᠠᠳᠬᠠᠵᠦ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠡ ᠶᠤᠰᠤᠭᠠᠷ | ᠬᠠᠮᠢᠶ᠎ᠠ ᠪᠦᠬᠦᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠤᠯᠢ ᠪᠠᠷ ᠵᠠᠰᠠᠬᠤ ᠰᠡᠳᠬᠢᠴᠡ ᠶᠢ ᠪᠤᠢ ᠪᠤᠯᠭᠠᠬᠤ᠂ | ᠦᠨᠳᠦᠰᠦ ᠵᠢᠴᠢ ᠦᠡᠭᠬᠡᠨ ᠲᠠᠯ᠎ᠠ ᠶᠢ ᠨᠢ ᠬᠠᠮᠳᠦ ᠳᠤᠨᠢ ᠵᠠᠰᠠᠬᠤ ᠶᠢ ᠪᠠᠷᠢᠮᠳᠠᠯᠠᠨ ᠡᠬᠦᠷᠬᠡ ᠬᠠᠷᠢᠭᠤᠴᠠᠯᠭ᠎ᠠ ᠪᠠᠨ | ᠴᠢᠩᠭ᠎ᠠ ᠨᠡᠶᠢᠳᠡᠪᠦᠷᠢᠵᠢᠭᠤᠯᠵᠦ ᠱᠠᠯᠠᠪᠳᠠᠭᠤᠯᠤᠨ ᠵᠢᠯᠤᠭᠤᠳᠬᠤ ᠠᠵᠢᠯ ᠢᠶᠠᠷ ᠭᠠᠷᠳᠡᠴᠡ ᠪᠤᠯᠭᠠᠨ ᠤᠯᠤᠰ | ᠲᠦᠷᠦ ᠶᠢᠨ ᠡᠬᠦᠷᠬᠡ ᠬᠠᠷᠢᠭᠤᠴᠠᠯᠭ᠎ᠠ ᠪᠠᠨ ᠴᠢᠩᠭ᠎ᠠ ᠨᠡᠶᠢᠳᠡᠪᠦᠷᠢᠵᠢᠭᠤᠯᠬᠤ᠂ ᠤᠯᠠᠨ ᠲᠦᠮᠡᠨ ᠤ ᠬᠦᠰᠡᠯ | ᠱᠠᠭᠠᠷᠳᠡᠯᠭ᠎ᠠ ᠶᠢ ᠬᠠᠷᠢᠭᠤ ᠲᠤᠰᠬᠠᠬᠤ᠂ ᠭᠤᠤᠯᠳᠠᠯᠭ᠎ᠠ ᠲᠠᠢ ᠠᠰᠠᠭᠤᠳᠠᠯ ᠬᠦᠴᠢᠷᠳᠡᠯ ᠲᠠᠢ ᠠᠰᠠᠭᠤᠳᠠᠯ ᠢ | ᠰᠢᠢᠳᠪᠦᠷᠢᠯᠡᠬᠦ ᠵᠡᠷᠬᠡ ᠠᠵᠢᠯ ᠢ ᠰᠠᠶᠢᠨ ᠬᠢᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠤᠨ ᠠᠵᠢᠯ ᠤᠨ ᠪᠦᠬᠦ ᠲᠠᠯ᠎ᠠ ᠶᠢᠨ ᠢᠯᠡᠯᠳᠡ ᠶᠢ ᠲᠡᠮᠡᠴᠡᠨ ᠤᠯᠬᠤ ᠪᠠᠷ ᠴᠢᠷᠮᠠᠶᠢᠨ ᠠᠷᠠᠳ ᠲᠦᠮᠡᠨ ᠤ | ᠬᠦᠷᠳᠡᠮᠵᠢ ᠶᠢᠨ ᠵᠢᠭᠠᠯᠳᠡ ᠲᠤᠭ᠎ᠠ᠂ ᠵᠤᠯ ᠵᠢᠷᠭᠠᠯ ᠤᠨ ᠵᠢᠭᠠᠯᠳᠡ ᠲᠤᠭ᠎ᠠ᠂ ᠠᠮᠤᠷ ᠲᠦᠪᠰᠢᠨ ᠤ ᠵᠢᠭᠠᠯᠳᠡ ᠲᠤᠭ᠎ᠠ | ᠶᠢ ᠦᠨᠡᠨᠬᠦ ᠲᠡᠭᠡᠭᠰᠢᠯᠡᠬᠦᠯᠬᠦ ᠭᠡᠷᠡᠭᠳᠡᠢ ᠬᠡᠵᠡᠢ᠃ | ᠳ᠋ᠤᠸᠠᠨ ᠯᠢ ᠳ᠋ᠦᠡᠭ ᠴᠢᠬᠤᠯᠠᠴᠢᠯᠠᠬᠤ ᠳᠠᠭᠠᠨ᠂ ᠱᠠᠯᠠᠪᠳᠠᠭᠤᠯᠤᠨ ᠵᠢᠯᠤᠭᠤᠳᠬᠤ ᠠᠵᠢᠯ ᠤᠨ ᠡᠬᠦᠷᠬᠡ | ᠬᠠᠷᠠᠯᠳᠡ ᠶᠢ ᠲᠤᠳᠤᠷᠬᠠᠶᠢᠯᠠᠵᠦ ᠤᠯᠤᠰ ᠲᠦᠷᠦ ᠶᠢᠨ ᠵᠤᠭᠰᠤᠴᠡ᠂ ᠬᠠᠤᠯᠢ ᠪᠠᠷ ᠴᠢᠩᠭ᠎ᠠ ᠵᠠᠯᠬᠠᠭᠠᠨ ᠰᠢᠳᠬᠡᠬᠦ᠂ | ᠶᠡᠷᠦᠩᠭᠡᠶᠢᠯᠡᠨ ᠵᠠᠰᠠᠨ ᠴᠡᠭᠴᠡᠯᠡᠬᠦ᠂ ᠬᠦᠨᠵᠡᠬᠡᠢ ᠠᠭᠤᠳᠠᠯᠠᠨ ᠲᠤᠶᠢᠯᠪᠦᠷᠢᠳᠡᠢ ᠪᠠᠶᠢᠴᠠᠭᠠᠬᠤ᠂ ᠵᠤᠬᠢᠶᠠᠨ ᠪᠠᠶᠢᠭᠤᠯᠤᠯᠳᠡ | ᠶᠢᠨ ᠴᠤᠭᠴᠠᠯᠡᠯᠳᠡ᠂ ᠵᠤᠬᠢᠶᠠᠨ ᠪᠠᠶᠢᠭᠤᠯᠤᠯᠳᠡ ᠶᠢᠨ ᠤᠳᠤᠷᠢᠳᠤᠯᠭ᠎ᠠ ᠵᠡᠷᠬᠡ ᠵᠢᠷᠭᠤᠭᠠᠨ ᠲᠠᠯ᠎ᠠ ᠶᠢᠨ | ᠭᠤᠤᠯᠳᠠᠯᠭ᠎ᠠ ᠶᠢᠨ ᠲᠤᠭᠤᠷᠢᠨ ᠳᠤ ᠬᠠᠮᠢᠶ᠎ᠠ ᠪᠦᠬᠦᠢ ᠠᠰᠠᠭᠤᠳᠠᠯ ᠳᠤ ᠲᠦᠪᠯᠡᠷᠡᠬᠦᠯᠤᠨ ᠬᠦᠨᠵᠡᠬᠡᠢ ᠰᠤᠳᠤᠯᠤᠯᠳᠡ | ᠬᠢᠵᠦ ᠠᠰᠠᠭᠤᠳᠠᠯ ᠢ ᠰᠢᠢᠳᠪᠦᠷᠢᠯᠡᠨ ᠱᠠᠯᠠᠪᠳᠠᠭᠤᠯᠤᠨ ᠵᠢᠯᠤᠭᠤᠳᠬᠤ ᠶᠢᠨ ᠲᠠᠭᠠᠤ ᠳᠤ ᠵᠠᠰᠠᠨ ᠴᠡᠭᠴᠡᠯᠡᠵᠦ | ᠨᠡᠶᠢᠳᠡᠪᠦᠷᠢᠵᠢᠭᠤᠯᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ | ᠬᠦᠨᠵᠡᠬᠡᠢ ᠦᠷᠨᠢᠬᠦᠯᠬᠦ ᠶᠢ ᠠᠬᠢᠭᠤᠯᠬᠤ ᠭᠡᠷᠡᠭᠳᠡᠢ᠃ ᠱᠠᠯᠠᠪᠳᠠᠭᠤᠯᠤᠨ ᠵᠢᠯᠤᠭᠤᠳᠬᠤ ᠲᠤᠭᠤᠶᠢᠯᠠᠩ ᠤᠨ ᠬᠢᠨ | ᠯᠡᠪᠳᠡᠶᠢᠶᠠ ᠴᠢᠩᠭ᠎ᠠ ᠱᠠᠭᠠᠷᠳᠡᠯᠭ᠎ᠠ ᠶᠢ ᠪᠠᠷᠢᠮᠳᠠᠯᠠᠨ ᠦᠨᠡᠨ ᠠᠴᠠ ᠵᠦᠪ ᠢ ᠡᠷᠢᠬᠦ ᠶᠢ ᠪᠠᠷᠢᠮᠳᠠᠯᠠᠵᠦ ᠡᠬᠦᠷᠬᠡ | ᠬᠠᠷᠢᠭᠤᠴᠠᠯᠭ᠎ᠠ ᠪᠠᠨ ᠢᠳᠡᠪᠬᠢᠳᠡᠢ ᠬᠦᠢᠴᠡᠳᠬᠡᠨ ᠬᠠᠳᠠᠭᠤ ᠠᠴᠠ ᠠᠶᠤᠬᠤ ᠦᠬᠡᠢ ᠪᠠᠶᠢᠵᠦ ᠰᠠᠬᠢᠯᠭ᠎ᠠ ᠪᠠᠳᠤ ᠬᠠᠤᠯᠢ | ᠲᠦᠷᠢᠮᠵᠢᠯ ᠢ ᠴᠢᠩᠭ᠎ᠠ ᠰᠠᠬᠢᠨ ᠪᠠᠳᠤ ᠴᠢᠩᠭ᠎ᠠ ᠵᠤᠷᠢᠯᠳᠡ᠂ ᠡᠷᠡᠰ ᠴᠢᠩᠭ᠎ᠠ ᠠᠵᠢᠯ ᠤᠨ ᠰᠤᠷᠳᠡᠯ ᠢᠶᠠᠷ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠱᠠᠯᠠᠪᠳᠠᠭᠤᠯᠤᠨ ᠵᠢᠯᠤᠭᠤᠳᠬᠤ ᠠᠵᠢᠯ ᠢ | ᠠᠮᠵᠢᠯᠳᠡ ᠲᠠᠢ ᠪᠡᠶᠡᠯᠡᠬᠦᠯᠬᠦ ᠪᠠᠷ ᠴᠢᠷᠮᠠᠶᠢᠬᠤ ᠭᠡᠷᠡᠭᠳᠠᠢ ᠬᠡᠵᠡᠢ᠃ ᠨᠢᠤ ᠵᠢᠶᠦ᠋ᠨ ᠶᠠᠨ ᠱᠠᠭᠠᠷᠳᠡᠬᠤ ᠳᠠᠭᠠᠨ᠂ ᠪᠦᠬᠦ | ᠬᠤᠳᠡ ᠪᠠᠷ ᠢᠶᠠᠨ ᠵᠡᠪᠡᠯ ᠲᠡᠭᠡᠳᠦ ᠬᠡᠮᠵᠢᠶᠠᠨ ᠤ ᠤᠯᠤᠰ ᠲᠦᠷᠦ ᠶᠢᠨ ᠦᠵᠡᠯ ᠤᠬᠠᠮᠰᠡᠷ ᠢᠶᠠᠷ ᠰᠢ ᠶᠢᠨ ᠫᠢᠡᠭ | ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ | ᠨᠡᠶᠢᠳᠡᠪᠦᠷᠢᠵᠢᠭᠤᠯᠵᠦ ᠱᠠᠯᠠᠪᠳᠠᠭᠤᠯᠤᠨ ᠵᠢᠯᠤᠭᠤᠳᠬᠤ ᠠᠵᠢᠯ ᠳᠤ ᠬᠠᠮᠵᠢᠯᠴᠠᠬᠤ ᠡᠯ᠎ᠠ ᠲᠦᠷᠦᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠨ ᠬᠢᠵᠦ ᠲᠤᠰᠬᠠᠢ ᠲᠡᠮᠡᠴᠡᠯ ᠤᠨ ᠠᠵᠢᠯ ᠢ ᠨᠠᠩ ᠦᠷᠬᠡᠨ ᠬᠡᠪᠴᠢᠶ᠎ᠠ᠂ ᠨᠠᠩ ᠬᠦᠨ ᠲᠠᠰ | ᠲᠠᠪᠬᠤᠷᠭ᠎ᠠ ᠳᠤ ᠦᠷᠬᠡᠳᠬᠡᠨ ᠬᠦᠨᠵᠡᠬᠡᠶᠢᠷᠡᠬᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠭᠡᠷᠡᠭᠳᠡᠢ᠃ ᠬᠠᠷᠬᠢᠰ | ᠬᠦᠴᠦᠨ ᠢ ᠵᠡᠪᠡᠯ ᠠᠷᠢᠯᠭᠠᠬᠤ ᠡᠷᠡᠰ ᠪᠠᠳᠤ ᠤᠪᠤᠷ ᠢᠶᠠᠷ ᠬᠠᠷ᠎ᠠ ᠪᠦᠯᠦᠭᠳᠡᠨ ᠬᠠᠷᠬᠢᠰ ᠬᠦᠴᠦᠨ ᠤ ᠪᠤᠵᠠᠭᠠᠶᠢᠷᠠᠨ | ᠬᠦᠭᠵᠢᠬᠦ ᠨᠦᠬᠦᠴᠡᠯ ᠢ ᠲᠤᠶᠢᠯᠪᠦᠷᠢᠳᠡᠢ ᠴᠡᠪᠡᠷᠯᠡᠵᠦ ᠠᠷᠢᠯᠭᠠᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠬᠦᠴᠦᠷᠭᠡᠭ ᠶᠡᠭᠡ ᠲᠠᠭᠠᠷᠢᠯᠳᠡ ᠶᠢ ᠲᠠᠬᠢᠨ ᠲᠠᠬᠢᠨ ᠶᠠᠪᠤᠭᠳᠠᠭᠤᠯᠵᠦ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ ᠬᠠᠳᠠᠭᠤ ᠲᠠᠶᠢᠯᠡᠯᠳᠤᠭᠠᠨ ᠢ ᠰᠠᠶᠢᠳᠤᠷ ᠬᠢᠵᠦ ᠡᠴᠤᠰ ᠤᠨ | ᠢᠯᠡᠯᠳᠡ ᠶᠢ ᠲᠡᠮᠡᠴᠡᠨ ᠤᠯᠬᠤ ᠪᠠᠷ ᠴᠢᠷᠮᠠᠶᠢᠬᠤ ᠭᠡᠷᠡᠭᠳᠡᠢ᠃ ᠴᠢᠩᠭ᠎ᠠ ᠠᠳᠬᠤᠨ ᠰᠠᠶᠢᠳᠤᠷ ᠵᠠᠰᠠᠨ ᠴᠡᠭᠴᠡᠯᠡᠬᠦ | ᠪᠠᠳᠤᠳᠡᠢ ᠦᠢᠯᠡ ᠠᠵᠢᠯᠯᠠᠭ᠎ᠠ ᠪᠠᠷ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ | ᠬᠦᠨᠵᠡᠬᠡᠶᠢᠷᠡᠨ ᠬᠦᠭᠵᠢᠬᠦ ᠶᠢ ᠠᠬᠢᠭᠤᠯᠬᠤ ᠭᠡᠷᠡᠭᠳᠡᠢ᠃ ᠴᠢᠩᠭ᠎ᠠ ᠨᠢᠮᠪᠠᠢ ᠪᠤᠳᠡᠳᠡᠢ ᠶᠢ ᠡᠷᠬᠢᠮᠯᠡᠬᠦ ᠠᠵᠢᠯ ᠤᠨ ᠰᠤᠷᠳᠡᠯ | ᠢᠶᠠᠷ ᠱᠠᠯᠠᠪᠳᠠᠭᠤᠯᠤᠨ ᠵᠢᠯᠤᠭᠤᠳᠬᠤ ᠠᠵᠢᠯ ᠤᠨ ᠤᠷᠤᠭᠰᠢᠳᠡᠢ᠂ ᠡᠮᠬᠢ ᠴᠡᠭᠴᠡᠲᠡᠢ ᠶᠠᠪᠤᠭᠳᠠᠬᠤ ᠶᠢ ᠪᠠᠳᠤᠯᠠᠬᠤ | ᠭᠡᠷᠡᠭᠳᠡᠢ ᠬᠡᠵᠡᠢ᠃ | ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ | ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ | ᠰᠤ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ | ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ | ᠲᠠᠷᠤᠭ᠎ᠠ ᠯᠢ ᠵᠥᠩ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ | ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠪᠤᠯᠤᠨ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠠ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ | ᠬᠤᠷᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ | ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ | | |