ᠮᠠᠨ ᠤ ᠬᠤᠰᠢᠭᠤᠨ ᠤ ᠭᠤᠵᠤᠩ ᠬᠤᠷᠠᠬᠤ ᠤᠪᠤᠭᠠᠨ ᠲᠠᠭᠢᠯᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2019-06-18
     ᠤᠷᠳᠤᠰ ᠲᠤᠭᠠᠯᠠᠯ ᠤᠨ ᠨᠠᠢᠮᠠᠨ ᠰᠠᠷ᠎ᠠ ᠶᠢᠨ 13 ᠤ ᠡᠳᠦᠷ᠂ ᠮᠠᠨ ᠤ ᠬᠤᠰᠢᠭᠤᠨ ᠤ ᠭᠤᠵᠤᠩ ᠬᠤᠷᠠᠬᠤ ᠤᠪᠤᠭᠠᠨ ᠲᠠᠭᠢᠯᠭ᠎ᠠ ᠦᠪᠡᠳᠡᠭᠰᠢ ᠶᠡᠭᠡ ᠪᠠᠷ ᠶᠠᠪᠤᠭᠳᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠭᠡᠰᠡᠭ ᠰᠢᠶᠠᠨ ᠤ ᠲᠠᠰ ᠤᠨ ᠬᠡᠰᠡᠭ ᠤᠳᠤᠷᠢᠳᠤᠯᠭ᠎ᠠ ᠳᠠᠬᠢᠯᠭ᠎ᠠ ᠶᠢᠨ ᠠᠵᠢᠯᠯᠠᠭ᠎ᠠ ᠳᠤ ᠤᠷᠤᠯᠴᠠᠪᠠ᠃
     ᠲᠠᠬᠢᠯᠭ᠎ᠠ ᠳᠤ ᠲᠠᠬᠢᠯᠭ᠎ᠠ ᠶᠢᠨ ᠲᠠᠭᠠᠭᠠᠮᠠᠯ ᠠᠴᠠ ᠡᠵᠡᠨ ᠰᠠᠩ ᠤᠩᠰᠢᠨ ᠦᠳᠬᠡ ᠰᠢᠭᠦᠰᠤ ᠪᠠᠨ ᠡᠷᠭᠦᠭᠰᠡᠨ  ᠤ ᠲᠠᠷᠠᠭ᠎ᠠ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠰᠦᠵᠦᠭᠳᠡᠨ ᠮᠦᠷᠭᠦᠯᠴᠢᠳ ᠤᠪᠤᠭᠠᠨ ᠳᠤ ᠪᠠᠨ ᠬᠠᠳᠠᠭ ᠨᠡᠮᠡᠨ ᠰᠦ ᠰᠠᠴᠤᠯᠢ ᠡᠷᠭᠦᠵᠦ ᠡᠨᠡ ᠵᠢᠯ ᠤᠨ ᠪᠤᠷᠤᠭᠠᠨ ᠬᠤᠷ᠎ᠠ ᠲᠡᠭᠰᠢ᠂ ᠡᠪᠡᠰᠤ ᠪᠠᠯᠴᠢᠭᠡᠷ ᠥᠩ ᠰᠢᠮᠡᠯᠢᠭ᠂ ᠮᠠᠯ ᠰᠥᠷᠥᠭ ᠲᠠᠷᠭᠤ ᠭᠥᠴᠤ ᠲᠠᠢ᠂ ᠠᠯᠢᠪᠠ ᠪᠥᠭᠦᠨ ᠰᠠᠶᠢᠨ ᠰᠠᠶᠢᠬᠠᠨ ᠪᠠᠶᠢᠬᠤ ᠪᠠᠨ ᠲᠠᠭᠠᠳᠬᠠᠨ ᠵᠠᠯᠪᠢᠷᠠᠪᠠ᠃
     ᠤᠪᠤᠭᠠᠨ ᠲᠠᠭᠢᠯᠭ᠎ᠠ ᠶᠢᠨ ᠲᠠᠷᠠᠭ᠎ᠠ ᠬᠤᠰᠢᠭᠤ ᠤᠯᠠᠭᠠᠠᠮᠥ᠋ᠴᠢᠷ ᠪᠠ ᠰᠤᠶᠤᠯ ᠤᠨ ᠲᠤᠭᠤᠶᠢᠯᠠᠩ ᠤᠨ ᠬᠢᠨ  ᠠᠴᠠ ᠤᠷᠠᠨ ᠰᠠᠶᠢᠬᠠᠨ ᠤ ᠲᠤᠭᠯᠠᠯᠳᠠ ᠭᠠᠷᠭᠠᠨ ᠬᠤᠷᠠᠭᠰᠠᠨ ᠤᠯᠠᠨ ᠢᠶᠠᠨ ᠪᠠᠶᠠᠰᠬᠠᠪᠠ᠃ ᠭᠠᠯᠠᠭᠤᠳᠤ ᠪᠠᠯᠭᠠᠰᠤ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠢᠨ ᠲᠠᠢ ᠬᠠᠮᠳᠤᠷᠠᠨ ᠭᠤᠷᠪᠠ ᠶᠢ ᠭᠥᠳᠡᠭᠡ ᠪᠠᠭᠤᠯᠭᠠᠬᠤ ᠠᠵᠢᠯᠯᠠᠭ᠎ᠠ ᠥᠷᠨᠢᠭᠦᠯᠵᠤ ᠤᠯᠠᠨ ᠲᠥᠮᠡᠨ ᠳᠤ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ᠂ ᠪᠥᠭᠦ ᠤᠯᠤᠰ ᠤᠨ ᠬᠤᠰᠢᠭᠤ ᠰᠢᠶᠠᠨ ᠤ ᠳᠡᠰ ᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ᠂ ᠬᠤᠤᠷ ᠴᠠᠭᠠᠵᠠᠯᠠᠬᠤ᠂ ᠤᠷᠴᠢᠨ ᠲᠤᠭᠤᠷᠢᠨ ᠤ ᠬᠠᠮᠠᠭᠠᠯᠠᠯᠳᠠ᠂ ᠠᠶᠤᠯᠭᠦᠢ ᠶᠢᠨ ᠮᠡᠳᠡᠯᠭᠡ᠂ ᠭᠠᠮᠰᠢᠭ ᠢ ᠰᠠᠷᠭᠡᠶᠢᠯᠠᠭᠦ᠂ ᠨᠠᠰᠤᠵᠢᠯ ᠤᠨ ᠲᠠᠭᠠᠳᠬᠠᠯ᠂ ᠬᠤᠷᠰᠢᠭᠰᠠᠨ ᠡᠮᠨᠡᠯᠭᠡ ᠵᠡᠷᠭᠡ ᠶᠢᠨ ᠲᠤᠬᠠᠢ ᠤᠬᠠᠭᠤᠯᠭ᠎ᠠ ᠶᠢᠨ ᠮᠠᠲ᠋ᠧᠷᠢᠶᠠᠯ᠂ ᠮᠡᠳᠡᠯᠭᠡ ᠶᠢᠨ ᠭᠠᠷ ᠲᠡᠪᠳᠡᠷ ᠪᠤᠯᠤᠨ ᠤᠬᠠᠭᠤᠯᠭ᠎ᠠ ᠶᠢᠨ ᠪᠤᠳᠠᠰ ᠲᠠᠷᠬᠠᠭᠠᠭᠰᠠᠨ ᠪᠠᠶᠢᠨ᠎ᠠ᠃
     ᠣᠪᠤᠭᠠᠨ ᠳᠠᠬᠢᠯᠭ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠨᠠᠭᠠᠳᠤᠮ ᠢ ᠶᠠᠪᠤᠭᠳᠠᠭᠤᠯᠵᠤ ᠣᠷᠳᠣᠰ ᠪᠦᠬᠡ ᠶᠢᠨ ᠤᠷᠤᠯᠳᠤᠭᠠᠨ ᠪᠣᠯᠤᠨ ᠰᠤᠷ ᠬᠠᠷᠪᠤᠬᠤ ᠤᠷᠤᠯᠳᠤᠭᠠᠨ ᠢ ᠵᠣᠬᠢᠶᠠᠨ ᠪᠠᠶᠢᠭᠤᠯᠪᠠ᠃ ᠵᠠᠯᠠᠭᠤᠴᠤᠳ ᠪᠠᠭᠠᠴᠤᠳ ᠤᠨ ᠨᠠᠭᠠᠳᠤᠮ ᠪᠣᠯ ᠮᠣᠩᠭᠤᠯ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠵᠠᠩ ᠦᠢᠯᠡ ᠶᠢᠨ ᠰᠣᠶᠣᠯ ᠪᠠ ᠮᠡᠳᠡᠯᠭᠡ ᠶᠢ ᠰᠤᠷᠤᠯᠴᠠᠨ ᠤᠯᠠᠮᠵᠢᠯᠠᠬᠤ ︽ᠣᠨᠴᠠᠭᠠᠢ ᠬᠢᠴᠢᠶᠡᠯ ᠤᠨ ᠲᠠᠩᠬᠢᠮ︾ ᠪᠠᠶᠢᠵᠤ ᠥᠷᠭᠡᠨ ᠤᠯᠠᠨ ᠵᠠᠯᠠᠭᠤᠴᠤᠳ ᠪᠠᠭᠠᠴᠤᠳ ᠠᠵᠢᠯᠯᠠᠭᠠᠨ ᠤ ᠳᠤᠮᠳᠠ ᠦᠨᠳᠦᠰᠦᠲᠡᠨ ᠤ ᠰᠣᠶᠣᠯ ᠤᠨ ᠣᠬᠢ ᠰᠣᠳᠣ ᠶᠢ ᠣᠶᠢᠯᠠᠭᠠᠨ ᠵᠠᠯᠭᠠᠮᠵᠢᠯᠠᠵᠤ ᠦᠦᠰᠢᠨ ᠵᠠᠯᠠᠭᠤᠴᠤᠳ ᠪᠠᠭᠠᠴᠤᠳ ᠤᠨ ᠴᠤᠭ ᠵᠢᠪᠬᠤᠭ᠎ᠠ ᠶᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号