| | | | | ᠪᠦᠬᠦ ᠤᠷᠤᠨ ᠤ ᠤᠯᠠᠭᠠᠠᠮᠦ᠋ᠴᠢᠷ ᠤᠨ ᠰᠤᠯᠢᠯᠴᠠᠭ᠎ᠠ ᠬᠢᠵᠤ ᠲᠤᠭᠤᠷᠢᠨ ᠲᠤᠭᠯᠠᠬᠤ ᠰᠠᠷ᠎ᠠ ᠶᠢᠨ ᠠᠵᠢᠯᠯᠠᠭᠠᠨ | ᠤ ᠬᠤᠭᠤᠴᠠᠭᠠᠨ ᠳᠤ ᠲᠤᠮᠳᠠᠳᠤ ᠤᠯᠤᠰ ᠤᠨ ᠤᠤᠭᠠᠨ ᠤᠯᠠᠭᠠᠠᠮᠦ᠋ᠴᠢᠷ ᠪᠤᠯᠬᠤ ᠰᠢᠯᠢ ᠶᠢᠨ ᠭᠤᠤᠯ ᠠᠶᠢᠮᠠᠭ ᠤᠨ | ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ ᠨᠢ ᠰᠢ ᠶᠢᠨ ᠫᠢᠩ ᠶᠡᠷᠦᠩᠬᠡᠢ ᠱᠦᠵᠢ ᠶᠢᠨ ᠬᠠᠷᠢᠭᠤ ᠵᠠᠬᠢᠳᠠᠯ | ᠤᠨ ᠵᠤᠷᠢᠭ ᠰᠠᠨᠠᠭ᠎ᠠ ᠪᠠᠷ ᠮᠠᠨ ᠤ ᠬᠤᠰᠢᠭᠤᠨ ᠤ ᠤᠯᠠᠭᠠᠠᠮᠦ᠋ᠴᠢᠷ ᠲᠠᠢ ᠬᠠᠮᠳᠤᠷᠠᠵᠤ ᠤᠬᠠᠭᠤᠯᠬᠤ᠂ ᠵᠢᠯᠤᠭᠤᠳᠬᠤ᠂ | ᠦᠢᠯᠡᠴᠢᠯᠡᠬᠦ᠂ ᠰᠢᠨ᠎ᠡ ᠶᠢ ᠡᠬᠦᠳᠬᠦ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠦ ᠰᠢᠨ᠎ᠡ ᠴᠠᠭ ᠦᠶ᠎ᠡ ᠶᠢᠨ ᠲᠠᠯ᠎ᠠ | ᠨᠤᠳᠤᠭ ᠤᠨ ᠮᠠᠭᠳᠠᠭᠠᠯ ᠲᠠᠭᠤᠤ ᠶᠢ ᠬᠠᠮᠳᠤ ᠳᠠᠭᠠᠨ ᠲᠠᠭᠤᠯᠠᠯ᠎ᠠ᠃ | | | | | | | ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ ᠤᠨ | ᠲᠤᠭᠯᠠᠭᠴᠢᠳ ᠮᠠᠨ ᠤ ᠬᠤᠰᠢᠭᠤᠨ ᠤ ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠮᠠᠯᠴᠢᠨ ᠬᠠᠪᠤᠷ᠂ | ᠷᠢᠨᠴᠢᠠᠬᠤᠷᠯᠤ ᠬᠤᠶᠠᠷ ᠨᠠᠰᠤᠳᠠᠨ ᠳᠤ ᠲᠤᠭᠯᠠᠯᠳᠠ ᠪᠠᠨ ᠬᠦᠷᠬᠡᠵᠦ ᠤᠴᠢᠯ᠎ᠠ᠃ ᠨᠠᠰᠤᠳᠠᠨ ᠤ ᠬᠡᠷ ᠲᠤ ᠤᠷᠳᠤ ᠶᠢᠨ | ᠲᠠᠭᠤᠤ᠂ ᠬᠦᠬᠡᠮᠠᠢ ᠶᠢᠨ ᠡᠬᠡᠰᠢᠭ ᠬᠠᠩᠬᠢᠨᠠᠵᠤ ᠲᠠᠯ᠎ᠠ ᠨᠤᠳᠤᠭ ᠤᠨ ᠮᠠᠭᠳᠠᠭᠠᠯ ᠲᠠᠭᠤᠤ ᠤᠶᠠᠩᠭᠠᠷᠠᠵᠤ | ᠰᠤᠨᠤᠰᠤᠭᠰᠠᠨ ᠪᠦᠬᠦᠳᠡ ᠶᠢᠨ ᠰᠡᠳᠬᠢᠯ ᠢ ᠪᠠᠶᠠᠰᠬᠠᠪᠠ᠃ ᠦᠨᠳᠦᠷ ᠨᠠᠰᠤᠨ ᠬᠤᠳᠤᠭ ᠲᠠᠢ ᠬᠤᠶᠠᠷ ᠨᠠᠰᠤᠳᠠᠨ | ᠬᠦᠳᠡᠯᠵᠤ ᠪᠠᠷᠢᠬᠤ ᠳᠤ ᠠᠷᠠᠢ ᠲᠦᠬᠦᠮ ᠦᠬᠡᠢ ᠴᠤ ᠤᠯᠠᠭᠠᠠᠮᠦ᠋ᠴᠢᠷ ᠤᠨ ᠲᠤᠭᠯᠠᠯᠳᠠ ᠶᠢ ᠤᠨᠴᠠᠭᠠᠢ ᠦᠵᠡᠬᠦ | ᠲᠤᠷ᠎ᠠ ᠲᠠᠢ ᠶᠤᠮ᠃ | ᠬᠠᠪᠤᠷ᠄ ︽ᠲᠡᠶᠢᠮᠦ ᠬᠤᠯᠠ ᠭᠠᠵᠠᠷ ᠠᠴᠠ ᠵᠤᠪᠠᠯ ᠵᠦᠳᠡᠬᠦᠷᠢ ᠶᠢ ᠬᠠᠶᠢᠬᠤᠷᠤᠯ ᠦᠬᠡᠢ ᠬᠦᠷᠴᠦ ᠢᠷᠡᠭᠰᠡᠨ | ᠳᠤ ᠪᠢ ᠲᠤᠩ ᠰᠡᠳᠬᠢᠯ ᠬᠠᠨᠤᠮᠵᠢᠳᠡᠢ ᠪᠠᠶᠢᠨ᠎ᠠ᠃ ᠬᠡᠷ ᠲᠤ ᠢᠷᠡᠵᠤ ᠪᠢᠳᠠ ᠬᠤᠶᠠᠷ ᠰᠢᠭ᠋ ᠴᠢᠳᠠᠯ ᠦᠬᠡᠢ ᠬᠦᠮᠦᠨ | ᠳᠤ ᠪᠦᠵᠢᠭ ᠪᠦᠵᠢᠭᠯᠡᠵᠦ ᠲᠠᠭᠤᠤ ᠲᠠᠭᠤᠯᠠᠵᠤ ᠲᠤᠭᠯᠠᠯᠳᠠ ᠭᠠᠷᠭᠠᠵᠤ ᠦᠭᠬᠦᠭᠰᠡᠨ ᠳᠤ ᠲᠦᠢᠯ ᠤᠨ ᠶᠡᠬᠡᠪᠡᠷ | ᠪᠠᠶᠠᠷᠯᠠᠵᠤ ᠪᠠᠶᠢᠨ᠎ᠠ︾ ᠬᠡᠪᠡ᠃ | | | | | | | | | | ᠬᠤᠶᠠᠷ ᠨᠠᠰᠤᠳᠠᠨ ᠳᠤ ᠲᠤᠭᠯᠠᠯᠳᠠ ᠪᠠᠨ ᠰᠤᠨᠢᠷᠬᠠᠭᠤᠯᠵᠤ ᠪᠠᠷᠠᠭᠰᠠᠨ ᠤ ᠲᠠᠷᠠᠭ᠎ᠠ ᠰᠦᠨᠢᠳ ᠪᠠᠷᠠᠭᠤᠨ | ᠬᠤᠰᠢᠭᠤᠨ ᠤ ᠤᠯᠠᠭᠠᠠᠮᠦ᠋ᠴᠢᠷ ᠤᠨ ᠬᠢᠨ ᠪᠦᠳᠦᠬᠡᠯ ᠤᠨ ᠴᠤᠮᠤᠭ᠂ ᠤᠯᠠᠭᠠᠠᠮᠦ᠋ᠴᠢᠷ ᠪᠠᠶᠢᠭᠤᠯᠤᠭᠳᠠᠭᠰᠠᠨ 62 ᠵᠢᠯ | ᠤᠨ ᠤᠢ ᠶᠢᠨ ᠲᠦᠷᠰᠦ ᠰᠢᠩᠬᠡᠬᠡᠯᠳᠡ᠂ ᠰᠡᠬᠦᠳᠡᠷ ᠤᠨ ᠡᠮᠬᠢᠳᠬᠡᠯ ᠢᠶᠠᠨ ᠨᠠᠰᠤᠳᠠᠨ ᠳᠤ ᠪᠡᠯᠡᠭ ᠪᠤᠯᠭᠠᠨ | ᠭᠠᠷᠳᠠᠭᠤᠯᠵᠤ ᠨᠠᠰᠤᠳᠠᠨ ᠤ ᠨᠢᠬᠡ ᠬᠡᠷ ᠤᠨ ᠬᠢᠨ ᠰᠠᠮᠪᠠᠢ ᠬᠠᠳᠠᠭ ᠢᠶᠠᠨ ᠲᠠᠯᠠᠷᠬᠠᠯ ᠪᠤᠯᠭᠠᠨ ᠪᠠᠷᠢᠯ᠎ᠠ᠃ | ᠤᠯᠠᠭᠠᠠᠮᠦ᠋ᠴᠢᠷ ᠤᠨ ᠲᠤᠭᠯᠠᠭᠴᠢᠳ ᠨᠠᠰᠤᠳᠠᠨ ᠤ ᠬᠡᠷ ᠠᠴᠠ ᠠᠶᠠᠷᠯᠠᠬᠤ ᠳᠠᠭᠠᠨ ᠬᠤᠶᠠᠷ ᠨᠠᠰᠤᠳᠠᠨ ᠤ ᠤᠷᠳᠤ | ᠨᠠᠰᠤᠯᠠᠵᠤ ᠤᠳᠠᠭᠠᠨ ᠵᠢᠷᠭᠠᠬᠤ ᠶᠢ ᠢᠷᠦᠬᠡᠵᠤ ︽ᠠᠪᠤ ᠶᠢᠨ ᠰᠤᠷᠭᠠᠯ ᠡᠵᠢ ᠶᠢᠨ ᠬᠠᠶᠢᠷ᠎ᠠ︾ ᠬᠡᠬᠦ ᠲᠠᠭᠤᠤ ᠪᠠᠨ | ᠡᠷᠬᠦᠨ ᠪᠠᠷᠢᠪᠠ᠃ ᠤᠳᠬ᠎ᠠ ᠠᠭᠤᠯᠭ᠎ᠠ ᠪᠠᠷ ᠬᠦᠨᠵᠡᠬᠡᠢ ᠤᠶᠠᠩᠭᠠᠳᠤ ᠲᠠᠭᠤᠤ ᠨᠢ ᠲᠠᠭᠤᠯᠠᠭᠰᠠᠨ ᠰᠤᠨᠤᠰᠤᠭᠰᠠᠨ | ᠪᠦᠬᠦᠳᠡ ᠶᠢᠨ ᠰᠡᠳᠬᠢᠯ ᠢ ᠤᠶᠠᠷᠠᠭᠤᠯᠵᠤ ᠤᠯᠠᠭᠠᠠᠮᠦ᠋ᠴᠢᠷ ᠪᠠ ᠤᠯᠠᠨ ᠲᠦᠮᠡᠨ ᠤ ᠰᠡᠳᠬᠢᠯ ᠵᠢᠷᠤᠬᠡ ᠦᠷᠬᠦᠯᠵᠢ | ᠬᠠᠮᠳᠤ ᠶᠢᠨ ᠯᠤᠭᠰᠢᠯᠭᠠ ᠲᠠᠢ ᠪᠠᠶᠢᠬᠤ ᠶᠢᠨ ᠲᠡᠬᠦᠯᠳᠡᠷ ᠢᠯᠡᠷᠡᠯ ᠪᠤᠯᠵᠤ ᠪᠠᠶᠢᠪᠠ᠃ | | | | | | | | | | ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ ᠨᠢ ᠭᠤᠷᠪᠠᠨ ᠬᠤᠨᠤᠭ ᠤᠨ ᠬᠤᠭᠤᠴᠠᠭᠠᠨ ᠳᠤ ᠲᠤᠬᠠᠢ | ᠶᠢᠨ ᠭᠠᠵᠠᠷ ᠤᠨ ᠤᠯᠠᠭᠠᠠᠮᠦ᠋ᠴᠢᠷ ᠲᠠᠢ ᠬᠠᠮᠳᠤ ᠪᠦᠳᠦᠬᠡᠯ ᠤᠨ ᠰᠤᠯᠢᠯᠴᠠᠭ᠎ᠠ᠂ ᠤᠯᠤᠯᠳᠠ ᠲᠦᠷᠦᠭᠳᠡᠯ ᠢᠶᠠᠨ | ᠦᠷᠬᠡᠨ ᠢᠶᠠᠷ ᠰᠤᠯᠢᠯᠴᠠᠭᠰᠠᠨ ᠮᠦᠷᠳᠡᠬᠡᠨ ᠦᠨᠳᠦᠰᠦᠨ ᠱᠠᠳᠤᠨ ᠳᠤ ᠨᠠᠮ ᠤᠨ ᠲᠦᠷᠦ ᠶᠢᠨ ᠪᠤᠳᠤᠯᠭ᠎ᠠ᠂ ᠬᠠᠥᠯᠢ | ᠴᠠᠭᠠᠵᠨ ᠶᠢᠨ ᠤᠬᠠᠭᠤᠯᠭ᠎ᠠ ᠶᠢ ᠬᠢᠬᠦ ᠶᠢᠨ ᠬᠠᠮᠳᠤ ᠡᠯ᠎ᠡ ᠭᠠᠴᠠᠭᠠᠨ ᠤ ᠰᠤᠶᠤᠯ ᠤᠨ ᠲᠤᠭᠤᠶᠢᠯᠠᠩ ᠤᠨ ᠬᠡᠰᠢᠬᠦᠳ᠂ | ᠰᠤᠶᠤᠯ ᠤᠷᠠᠯᠢᠭ ᠲᠤ ᠪᠠᠭ᠋ᠠᠳᠠᠢ ᠤᠯᠠᠨ ᠲᠦᠮᠡᠨ ᠳᠤ ᠲᠤᠰᠬᠠᠢ ᠵᠢᠭᠠᠨ ᠵᠢᠯᠤᠭᠤᠳᠤᠯᠭ᠎ᠠ ᠬᠢᠵᠤ ᠤᠯᠠᠭᠠᠠᠮᠦ᠋ᠴᠢᠷ ᠤᠨ | ᠡᠬᠦᠷᠬᠡ ᠬᠠᠷᠢᠭᠤᠴᠠᠯᠭ᠎ᠠ ᠪᠠᠨ ᠬᠦᠢᠴᠡᠳ ᠪᠡᠶᠡᠯᠡᠬᠦᠯᠪᠡ᠃ | | | | | | | | | | ᠰᠢ ᠶᠢᠨ ᠫᠢᠩ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠢ ᠲᠤᠰᠤᠭᠰᠠᠨ ᠬᠤᠶᠠᠷ ᠵᠢᠯ ᠤᠨ ᠤᠢ ᠪᠤᠯᠵᠦ | ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠲᠠᠯᠠᠨ ᠵᠢᠯ ᠤᠨ ᠤᠢ ᠶᠢᠨ ᠪᠠᠶᠠᠷ ᠢ ᠲᠤᠬᠢᠶᠠᠯᠳᠤᠭᠤᠯᠤᠨ ᠰᠦᠨᠢᠳ | ᠪᠠᠷᠠᠭᠤᠨ ᠬᠤᠰᠢᠭᠤᠨ ᠤ ᠤᠯᠠᠭᠠᠠᠮᠦ᠋ᠴᠢᠷ ᠨᠢ ᠪᠦᠬᠦ ᠤᠷᠤᠨ ᠤ ᠡᠯ᠎ᠡ ᠤᠯᠠᠭᠠᠠᠮᠦ᠋ᠴᠢᠷ ᠲᠠᠢ ᠠᠳᠠᠯᠢᠬᠠᠨ ᠢᠶᠠᠷ ᠲᠠᠯ᠎ᠠ | ᠨᠤᠳᠤᠭ ᠤᠨ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ ᠤᠨ ᠵᠤᠷᠢᠭ ᠰᠠᠨᠠᠭ᠎ᠠ ᠶᠢ ᠪᠠᠳᠠᠷᠠᠭᠤᠯᠤᠨ | ᠦᠷᠬᠦᠯᠵᠢᠯᠡᠨ ᠦᠨᠳᠦᠰᠦᠨ ᠱᠠᠳᠤᠨ ᠳᠤ ᠬᠦᠷᠴᠤ ᠨᠠᠮ ᠤᠨ ᠲᠦᠷᠦ ᠶᠢᠨ ᠪᠤᠳᠤᠯᠭ᠎ᠠ ᠶᠢ ᠮᠠᠭᠳᠠᠨ ᠲᠠᠭᠤᠯᠠᠵᠤ | ᠤᠷᠠᠯᠢᠭ ᠰᠤᠶᠤᠯ ᠤᠨ ᠤᠴᠢ ᠶᠢ ᠲᠠᠯ᠎ᠠ ᠨᠤᠳᠤᠭ ᠲᠤ ᠮᠦᠩᠬᠡᠳᠡ ᠲᠦᠷᠡᠯᠵᠡᠬᠦᠯᠵᠦ ᠪᠠᠶᠢᠨ᠎ᠠ᠃ | | | | | | | | | | | | | ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ ᠤᠨ ᠲᠠᠷᠤᠭ᠎ᠠ | ᠮᠦᠩᠬᠡᠵᠢᠷᠭᠠᠯ᠄ ︽ᠰᠢ ᠶᠢᠨ ᠫᠢᠩ ᠲᠡᠷᠢᠬᠦᠯᠡᠭᠴᠢ ᠶᠢᠨ ᠬᠠᠷᠢᠭᠤ ᠵᠠᠬᠢᠳᠠᠯ ᠳᠤ ᠵᠠᠬᠢᠭᠰᠠᠨ ᠶᠤᠰᠤᠭᠠᠷ ᠠᠷᠠᠳ | ᠲᠦᠮᠡᠨ ᠤ ᠲᠤᠮᠳᠠ ᠨᠡᠩ ᠰᠠᠶᠢᠨ ᠬᠦᠨᠵᠡᠬᠡᠶᠢᠷᠡᠵᠤ ᠠᠷᠠᠳ ᠲᠦᠮᠡᠨ ᠳᠡᠭᠡᠨ ᠤᠳᠬ᠎ᠠ ᠤᠷᠠᠯᠢᠭ ᠢ ᠨᠡᠩ ᠤᠶᠢᠷᠠᠬᠠᠨ | ᠬᠦᠷᠬᠡᠵᠦ ᠭᠠᠵᠠᠷ ᠭᠠᠵᠠᠷ ᠤᠨ ᠤᠤᠭᠠᠯ ᠰᠤᠶᠤᠯ ᠢᠷᠬᠡᠨᠰᠢᠯ ᠢ ᠬᠦᠷᠬᠡᠬᠦ ᠨᠢ ᠮᠠᠰᠢ ᠶᠡᠭᠡ ᠲᠤᠳᠤᠷᠬᠠᠢ ᠬᠡᠮᠵᠢᠶᠠᠨ ᠤ | ᠪᠤᠳᠠᠳᠤ ᠦᠢᠯᠡ ᠠᠵᠢᠯᠯᠠᠭ᠎ᠠ ᠪᠤᠯᠤᠨ᠎ᠠ︾ ᠭᠡᠪᠡ᠃ | | |