ᠭᠠᠪᠰᠢᠭᠠᠢ ᠡᠮᠡᠭᠳᠡᠢ ᠶᠢᠨ ᠭᠠᠷᠮᠠᠭᠠᠢ ᠵᠢᠳᠬᠦᠯ
ᠨᠡᠶᠢᠲᠡᠯᠡᠭᠰᠡᠨ ᠴᠠᠭ᠄
2019-06-18
          — ᠪᠠᠶᠠᠨᠳᠤᠯᠤᠭᠠᠢ ᠭᠠᠴᠠᠭ᠎ᠠ ᠶᠢ ᠲᠠᠭᠠᠭᠠᠴᠢᠯᠠᠨ ᠲᠡᠳᠬᠦᠭᠰᠡᠨ                ᠲᠤᠭᠳᠠᠭᠤᠨᠴᠢᠮᠡᠭ ᠤᠨ ᠦᠢᠯᠡ ᠠᠵᠢᠯᠯᠠᠭ᠎ᠠ ᠶᠢ ᠲᠡᠮᠲᠡᠭᠯᠡᠪᠠ      ᠦᠨᠳᠦᠰᠤᠨ ᠱᠠᠳᠤᠨ ᠳᠤ ᠭᠦᠨᠵᠡᠭᠡᠶᠢᠷᠡᠨ᠂ ᠮᠠᠯᠴᠢᠳ ᠤᠨ ᠠᠵᠤ ᠠᠮᠢᠳᠤᠷᠠᠯ ᠢ ᠰᠠᠶᠢᠵᠢᠷᠠᠭᠤᠯᠬᠤ ᠳᠤ ᠬᠦᠴᠦ ᠬᠦᠯᠦᠰᠦ ᠪᠠᠨ ᠡᠷᠭᠦᠵᠤ᠂ ᠶᠠᠳᠠᠭᠤ ᠬᠦᠴᠢᠷᠳᠡᠯᠳᠡᠢ ᠡᠷᠦᠬᠡ ᠶᠢ ᠲᠡᠳᠬᠦᠨ ᠴᠢᠨᠡᠭᠡᠯᠢᠭᠵᠢᠭᠦᠯᠵᠤ᠂ ᠭᠠᠴᠠᠭᠠᠨ ᠤ ᠦᠢᠯᠡᠰ ᠢ ᠬᠦᠭᠵᠢᠭᠦᠯᠬᠦ ᠳᠤ ᠨᠡᠮᠡᠷᠢ ᠬᠠᠨᠳᠢᠪ ᠢᠶᠠᠨ ᠡᠷᠭᠦᠵᠤ᠂ ᠲᠦᠷᠦ ᠶᠢᠨ ᠬᠠᠭᠠᠰ ᠲᠤᠯᠭᠠᠭᠤᠷᠢ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠵᠤ ᠶᠠᠪᠤᠭ᠎ᠠ ᠲᠤᠬᠳᠠᠭᠤᠨᠴᠢᠮᠡᠭ ᠪᠤᠯ ᠦᠤᠰᠢᠨ ᠬᠤᠰᠢᠭᠤᠨ ᠤ ᠰᠤᠶᠤᠯ ᠤᠨ ᠲᠤᠪᠴᠢᠶᠠᠨ ᠤ ᠠᠵᠢᠯᠳᠠᠨ ᠶᠤᠮ᠃      ᠲᠡᠷᠡ 1980 ᠤᠨ ᠳᠤ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠬᠦᠬᠡᠨᠡᠭᠤᠷ ᠭᠠᠴᠠᠭᠠᠨ ᠳᠤ ᠲᠦᠷᠦᠪᠡ᠃ 1999 ᠤᠨ ᠳᠤ ᠦᠪᠦᠷ ᠮᠤᠩᠭᠤᠯ ᠤᠨ ᠦᠨᠳᠦᠰᠦᠲᠡᠨ ᠤ ᠴᠡᠴᠡᠷᠯᠢᠭ ᠤᠨ ᠪᠠᠭᠰᠢ ᠶᠢᠨ ᠲᠡᠭᠡᠳᠦ ᠰᠤᠷᠭᠠᠭᠤᠯᠢ ᠠᠴᠠ ᠲᠡᠬᠦᠰᠴᠡᠢ᠃ 1999 ᠤᠨ ᠠᠴᠠ 2011 ᠤᠨ ᠪᠤᠯᠳᠠᠯ᠎ᠠ ᠦᠤᠰᠢᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠳᠤ ᠪᠠᠭᠰᠢᠯᠠᠨ᠂ 2011 ᠤᠨ ᠳᠤ ᠬᠤᠰᠢᠭᠤᠠ ᠤ ᠰᠤᠶᠤᠯ ᠤᠨ ᠲᠤᠪᠴᠢᠶᠠᠨ ᠤ ᠲᠡᠦᠬᠡ ᠶᠢᠨ ᠲᠤᠷᠠᠰᠬᠠᠯᠳᠤ ᠵᠦᠢᠯᠡᠰ ᠤᠨ ᠬᠠᠮᠢᠶᠠᠷᠤᠯᠳᠠ ᠶᠢᠨ ᠰᠠᠯᠪᠤᠷᠢ ᠂ ᠰᠤᠶᠤᠯ ᠤᠨ ᠠᠵᠤ ᠦᠢᠯᠡᠰᠵᠢᠬᠦᠯᠦᠯᠳᠡ ᠶᠢᠨ ᠲᠠᠰᠤᠭ ᠪᠠ ᠪᠤᠳᠠᠰ ᠤᠨ ᠪᠤᠰᠤ ᠰᠤᠶᠤᠯ ᠤᠨ ᠦᠪ ᠤᠨ ᠠᠯᠪᠠᠨ ᠭᠡᠷ  ᠲᠤ ᠠᠵᠢᠯ ᠰᠢᠯᠵᠢᠨ᠂ ᠲᠡᠳ᠋ ᠡᠷᠬᠢᠯᠡᠭᠴᠢ ᠪᠠᠷ ᠠᠵᠢᠯᠯᠠᠵᠤ᠂ 2012 ᠤᠨ ᠳᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠡᠦᠬᠡᠨ ᠲᠤᠷᠠᠰᠬᠠᠯᠳᠤ ᠵᠦᠢᠯᠡᠰ ᠤᠨ ᠨᠡᠶᠢᠳᠡᠮ ᠪᠠᠶᠢᠴᠠᠭᠠᠯᠳᠠ ᠳᠤ ᠰᠢᠯᠢᠳᠡᠭ ᠪᠠᠶᠢᠴᠠᠭᠠᠭᠴᠢ ᠪᠠᠷ ᠦᠨᠡᠯᠡᠭᠳᠡᠨ᠂ 2018 ᠤᠨ ᠤ 8 ᠰᠠᠷ᠎ᠠ ᠳᠤ ᠤᠷᠳᠤᠰ ᠬᠤᠳᠠ ᠳᠤ ᠪᠤᠯᠤᠭᠰᠠᠨ ᠤᠷᠳᠤᠰ ᠬᠤᠷᠢᠮ ᠤᠨ ᠰᠤᠶᠤᠯ ᠤᠨ ᠡᠳᠦᠷ ᠤᠨ ᠠᠵᠢᠯᠯᠠᠭᠠᠨ ᠤ ᠲᠤᠮᠳᠠ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃       2018 ᠤᠨ ᠤ 4 ᠰᠠᠷ᠎ᠠ ᠳᠤ ᠪᠦᠬᠦ ᠬᠤᠳᠠ ᠶᠢᠨ ᠨᠠᠷᠢᠨ ᠤᠨᠤᠪᠴᠢᠳᠠᠢ ᠪᠠᠷ ᠶᠠᠳᠠᠭᠤ ᠶᠢ ᠲᠡᠳᠬᠦᠬᠦ ᠭᠤᠷᠪᠠᠨ ᠵᠢᠯ ᠤᠨ ᠰᠢᠪᠳᠤᠯᠤᠯᠳᠠ ᠶᠢᠨ ᠠᠵᠢᠯ ᠤᠨ ᠶᠡᠷᠦᠩᠭᠡᠢ ᠪᠠᠶᠢᠷᠢᠯᠠᠭᠤᠯᠤᠯᠳᠠ ᠪᠠᠷ ᠬᠤᠰᠢᠭᠤᠠ ᠤ ᠰᠤᠶᠤᠯ ᠤᠨ ᠲᠤᠪᠴᠢᠶᠠᠨ ᠠᠴᠠ ᠲᠤᠭᠳᠠᠭᠤᠨᠴᠢᠮᠡᠭ ᠨᠦᠬᠦᠷ ᠢ ᠦᠤᠰᠢᠨᠵᠤᠤ ᠪᠠᠯᠭᠠᠰᠤᠨ ᠤ ᠪᠠᠶᠠᠨᠳᠤᠯᠤᠭᠠᠢ ᠭᠠᠴᠠᠭᠠᠨ ᠳᠤ ᠰᠠᠭᠤᠵᠤ ᠲᠠᠭᠠᠭᠠᠴᠢᠯᠠᠨ ᠲᠡᠳᠬᠦᠬᠦ ᠠᠵᠢᠯ ᠢ ᠬᠠᠷᠢᠯᠴᠠᠭᠤᠯᠬᠤ ᠪᠠᠷ ᠲᠤᠮᠢᠯᠠᠪᠠ᠃ ᠪᠠᠶᠠᠨᠳᠤᠯᠤᠭᠠᠢ ᠭᠠᠴᠠᠭᠠᠨ ᠤ ᠡᠪᠡᠰᠦ ᠪᠡᠯᠴᠢᠭᠡᠷ ᠦᠩ ᠰᠢᠮᠡᠯᠢᠭ᠂ ᠤᠯᠠᠮᠵᠢᠯᠠᠯᠳᠤ ᠮᠠᠯ ᠠᠵᠤ ᠠᠬᠤᠢ ᠬᠦᠭᠵᠢᠭᠰᠡᠨ ᠢᠶᠠᠷ ᠢᠶᠠᠨ ᠤᠶᠢᠷ᠎ᠠ ᠬᠠᠪᠢ ᠳᠠᠭᠠᠨ ᠲᠠᠭᠤᠷᠢᠰᠤᠯᠳᠠᠢ᠃ ᠲᠤᠭᠳᠠᠭᠤᠨᠴᠢᠮᠡᠭ ᠨᠦᠬᠦᠷ ᠭᠠᠴᠠᠭᠠᠨ ᠳᠤ ᠪᠠᠭᠤᠭᠰᠠᠨ ᠴᠠᠭ ᠠᠴᠠ ᠪᠠᠨ ᠡᠬᠢᠯᠡᠨ ᠮᠠᠯᠴᠢᠨ ᠡᠷᠦᠭᠡ ᠪᠠᠷ ᠭᠦᠨᠵᠡᠭᠡᠶᠢᠷᠡᠵᠤ᠂ ᠮᠠᠯᠴᠢᠳ ᠤᠨ ᠠᠮᠢᠳᠤᠷᠠᠯ ᠢ ᠤᠶᠢᠯᠠᠭᠠᠨ᠂ ᠪᠤᠳᠠᠳᠤ ᠪᠠᠶᠢᠳᠠᠯ ᠳᠤ ᠨᠡᠶᠢᠴᠡᠭᠰᠡᠨ ᠶᠠᠳᠠᠭᠤ ᠠᠴᠠ ᠠᠩᠬᠢᠵᠢᠷᠠᠭᠤᠯᠬᠤ ᠠᠷᠭ᠎ᠠ ᠪᠤᠳᠤᠯᠭ᠎ᠠ ᠶᠢ ᠬᠡᠷᠡᠭᠵᠢᠬᠦᠯᠬᠦ ᠶᠢ ᠠᠩᠬᠠᠷᠣᠭᠰᠠᠠ ᠪᠠᠶᠢᠨ᠎ᠠ᠃ ᠡᠷᠦᠭᠡ ᠳᠤ ᠬᠦᠨᠵᠡᠭᠡᠶᠢᠷᠡᠬᠦ ᠪᠠᠷ ᠲᠠᠮᠵᠢᠭᠠᠳ ᠪᠠᠶᠠᠨᠳᠤᠯᠤᠭᠠᠢ ᠭᠠᠴᠠᠭᠠᠨ ᠤ ᠢᠳᠡᠷ ᠵᠠᠯᠠᠭᠤ ᠬᠦᠳᠡᠯᠮᠦᠷᠢ ᠬᠦᠴᠦᠨ ᠤ ᠤᠯᠠᠩᠬᠢ ᠨᠢ ᠭᠠᠳᠠᠭᠰᠢ ᠭᠠᠷᠤᠭᠰᠠᠨ ᠠᠴᠠ ᠬᠡᠷ ᠲᠡᠭᠡᠨ ᠦᠯᠡᠳᠡᠵᠦ ᠬᠤᠴᠤᠷᠤᠭᠰᠠᠳ ᠤᠨ ᠲᠡᠶᠢᠯᠤᠩᠬᠡᠢ ᠨᠢ ᠨᠠᠰᠤᠳᠠᠢ ᠬᠦᠮᠦᠰ᠂ ᠡᠮᠡᠭᠳᠡᠶᠢᠴᠤᠳ᠂ ᠬᠡᠦᠬᠡᠳ ᠪᠠᠭᠠᠴᠤᠳ ᠪᠤᠶᠤ ᠡᠪᠡᠳᠴᠢᠨ ᠲᠠᠢ᠂ ᠵᠡᠮᠳᠡᠭ ᠬᠦᠮᠦᠰ ᠪᠠᠶᠢᠵᠤ᠂ ᠬᠦᠳᠡᠯᠮᠦᠷᠢ ᠠᠵᠢᠯ ᠬᠢᠵᠦ ᠲᠡᠶᠢᠯᠬᠦ ᠦᠭᠡᠢ᠂ ᠮᠡᠷᠭᠡᠵᠢᠯ ᠴᠢᠳᠠᠪᠤᠷᠢ ᠠᠨᠠᠢ᠂ ᠤᠶᠤᠨ ᠰᠠᠨᠠᠭᠠᠨ ᠤ ᠲᠠᠯ᠎ᠠ ᠪᠠᠷ ᠬᠦᠯᠢᠶᠡᠵᠦ ᠲᠦᠰᠢᠬᠦ ᠵᠡᠷᠭᠡ ᠬᠤᠴᠤᠷᠤᠩᠭᠤᠢ ᠦᠵᠡᠯ ᠰᠠᠨᠠᠭᠠᠨ ᠳᠤ ᠬᠦᠯᠢᠶᠡᠰᠦᠯᠡᠭᠳᠡᠵᠤ ᠪᠠᠶᠢᠬᠤ᠂ ᠠᠵᠤ ᠦᠢᠯᠡᠰ ᠤᠨ ᠪᠦᠳᠦᠴᠡ ᠶᠢᠨ ᠲᠠᠯ᠎ᠠ ᠪᠠᠷ ᠤᠯᠠᠮᠵᠢᠯᠠᠯᠳᠤ ᠮᠠᠯᠵᠢᠯ ᠪᠠ ᠲᠠᠩ ᠴᠤᠯᠭᠤᠢ ᠲᠠᠷᠢᠮᠠᠯ ᠤᠨ ᠦᠢᠯᠡᠰ ᠲᠣ ᠲᠦᠰᠢᠭᠯᠡᠨ᠂ ᠮᠠᠯ ᠤᠨ ᠭᠠᠷᠭᠠᠯᠳᠠ ᠶᠢᠨ ᠬᠡᠮᠵᠢᠶ᠎ᠡ ᠲᠤᠤᠷ᠎ᠠ᠂ ᠤᠷᠤᠭᠤᠯᠤᠯᠳᠠ ᠶᠡᠭᠡ᠂ ᠲᠠᠷᠢᠮᠠᠯ ᠤᠨ ᠪᠦᠳᠦᠴᠡ ᠲᠡᠩᠴᠡᠬᠦᠷᠢ ᠦᠭᠡᠢ᠂ ᠦᠷ᠎ᠡ ᠠᠰᠢᠭ ᠲᠤᠤᠷ᠎ᠠ᠂ ᠪᠡᠯᠡ ᠤᠷᠤᠭᠤᠯᠤᠯᠳᠠ ᠶᠡᠭᠡ ᠠᠴᠠ ᠪᠤᠯᠵᠤ᠂ ᠮᠠᠯᠴᠢᠳ ᠤᠨ ᠤᠷᠤᠯᠭ᠎ᠠ ᠵᠢᠯ ᠠᠴᠠ ᠵᠢᠯ ᠬᠠᠰᠤᠭᠳᠠᠨ᠂ ᠦᠷᠢ ᠰᠢᠷᠢᠨ ᠳᠤ ᠲᠠᠷᠤᠭᠳᠠᠵᠤ᠂ ᠵᠢᠭᠡᠯᠡᠯᠭᠡ ᠠᠪᠴᠤ ᠪᠠᠶᠢᠭ᠎ᠠ ᠡᠷᠦᠭᠡ 80% ᠳᠤ ᠬᠦᠷᠴᠦ ᠪᠠᠶᠢᠬᠤ᠂ ᠵᠠᠬ᠎ᠠ ᠲᠡᠯᠭᠡᠭᠦᠷ ᠤᠨ ᠪᠤᠷᠤᠯᠠᠭᠤᠯᠤᠯᠳᠠ ᠶᠢᠨ ᠲᠠᠯ᠎ᠠ ᠪᠠᠷ ᠴᠦᠮ ᠦᠪᠡᠷ ᠢᠶᠠᠨ ᠦᠢᠯᠡᠳᠪᠦᠷᠢᠯᠡᠨ ᠦᠪᠡᠷ ᠢᠶᠠᠨ ᠪᠤᠷᠤᠯᠠᠭᠤᠯᠵᠤ᠂ ᠨᠢᠭᠡᠳᠦᠯᠳᠠᠢ ᠵᠠᠬ᠎ᠠ ᠲᠡᠯᠭᠡᠬᠦᠷ ᠦᠭᠡᠢ ᠪᠠᠶᠢᠬᠤ ᠵᠡᠷᠭᠡ ᠲᠤᠳᠠᠭᠳᠠᠯ ᠲᠠᠢ ᠪᠠᠶᠢᠳᠠᠯ ᠤᠳ ᠢ ᠰᠡᠷᠭᠡᠭ ᠢᠶᠠᠷ ᠲᠠᠨᠢᠵᠤ ᠤᠯᠪᠠ᠃ ᠲᠡᠭᠡᠭᠡᠳ ᠲᠡᠷᠡ ᠮᠠᠯᠴᠢᠳ ᠤᠨ ᠲᠤᠮᠳᠠ ᠤᠷᠤᠰᠢᠵᠤ ᠪᠠᠶᠢᠭ᠎ᠠ ᠪᠤᠳᠠᠳᠤ ᠠᠰᠠᠭᠤᠳᠠᠯ ᠳᠤ ᠴᠢᠭᠯᠡᠬᠦᠯᠦᠨ᠂ ᠨᠠᠷᠢᠨ ᠬᠢᠨᠠᠮᠠᠭᠠᠢ ᠵᠠᠳᠠᠯᠤᠯᠳᠠ ᠬᠢᠵᠤ᠂ ᠬᠤᠶᠢᠰᠢᠳᠠ ᠶᠢᠨ ᠬᠦᠭᠵᠢᠯᠳᠡ ᠶᠢᠨ ᠠᠷᠭ᠎ᠠ ᠪᠤᠳᠤᠯᠭ᠎ᠠ ᠶᠢᠨ ᠲᠤᠬᠠᠢ ᠭᠠᠴᠠᠭᠠᠠ ᠤ ᠨᠠᠮ ᠤᠨ ᠡᠬᠦᠷ᠂ ᠠᠷᠠᠳ ᠤᠨ ᠵᠦᠪᠯᠡᠯ ᠳᠤ ᠦᠪᠡᠷ ᠤᠨ ᠰᠠᠨᠠᠯ ᠪᠤᠳᠤᠯ ᠢᠶᠠᠨ ᠵᠤᠷᠢᠭᠳᠠᠢ ᠲᠡᠪᠰᠢᠬᠦᠯᠪᠡ᠃ ᠭᠠᠴᠠᠭᠠᠨ ᠤ ᠬᠤᠶᠢᠰᠢᠳᠠ ᠶᠢᠨ ᠬᠦᠭᠵᠢᠯᠳᠡ ᠳᠤ ᠠᠷᠭ᠎ᠠ ᠪᠤᠳᠤᠯᠭ᠎ᠠ ᠡᠷᠬᠦᠨ᠂ ︽ᠨᠠᠮ ᠤᠨ ᠡᠬᠦᠷ + ᠭᠠᠴᠠᠭ᠎ᠠ ᠵᠦᠪᠯᠡᠯ + ᠨᠡᠶᠢᠬᠡᠮᠯᠢᠭ + ᠠᠵᠤ ᠠᠬᠤᠶᠢᠯᠠᠯ + ᠲᠤᠰᠬᠠᠢ ᠬᠤᠷᠰᠢᠶᠠᠵᠢᠯ︾ ᠲᠠᠪᠤ ᠶᠢ ᠴᠤᠭᠴᠠᠵᠢᠭᠤᠯᠤᠭᠰᠠᠨ ᠶᠠᠳᠠᠭᠤ ᠠᠴᠠ ᠠᠩᠬᠢᠵᠢᠷᠠᠭᠤᠯᠤᠨ ᠪᠠᠶᠠᠵᠢᠨ ᠴᠢᠨᠡᠭᠡᠯᠢᠭᠵᠢᠬᠦᠯᠬᠦ ᠰᠢᠨ᠎ᠡ ᠬᠦᠭᠵᠢᠯᠳᠡ ᠶᠢᠨ ᠬᠡᠯᠪᠡᠷᠢ ᠶᠢ ᠰᠦᠪᠡᠭᠴᠢᠯᠡᠨ ᠲᠤᠷᠠᠳᠤᠭᠰᠠᠠ ᠪᠠᠶᠢᠨ᠎ᠠ᠃      ᠲᠡᠷᠡ ᠬᠦᠭᠵᠢᠭᠦᠯᠬᠦ ᠳᠤ ᠠᠯᠤᠰ ᠬᠡᠳᠦ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ ᠲᠤᠷᠠᠳᠴᠦ᠂ ᠭᠠᠴᠠᠭᠠᠠ ᠤ ᠨᠠᠮ ᠤᠨ ᠡᠬᠦᠷ᠂ ᠭᠠᠴᠠᠭᠠᠠ ᠤ ᠵᠦᠪᠯᠡᠯ ᠤᠨ ᠲᠡᠮᠵᠢᠯᠭᠡ ᠶᠢ ᠤᠯᠤᠭᠰᠠᠨ ᠤ ᠰᠡᠬᠦᠯᠡᠷ᠂ ᠪᠤᠳᠠᠳᠤ ᠪᠠᠶᠢᠳᠠᠯ ᠳᠤ ᠲᠤᠬᠢᠷᠠᠭᠤᠯᠤᠨ ᠵᠤᠬᠢᠰᠳᠠᠢ ᠠᠷᠭ᠎ᠠ ᠬᠡᠮᠵᠢᠶ᠎ᠡ ᠠᠪᠬᠤ ᠶᠢ ᠠᠩᠬᠠᠷᠪᠠ᠃ ᠶᠠᠭᠤᠨ ᠤ ᠡᠮᠦᠨ᠎ᠡ᠂ ᠮᠠᠯ ᠠᠵᠤ ᠠᠬᠤᠢ ᠶᠢᠨ ᠬᠦᠭᠵᠢᠯᠳᠡ ᠶᠢᠨ ᠪᠤᠳᠠᠳᠤ ᠬᠡᠷᠡᠭᠴᠡᠭᠡ ᠱᠠᠭᠠᠷᠳᠠᠯᠭ᠎ᠠ ᠳᠤ ᠲᠤᠬᠢᠷᠠᠭᠤᠯᠤᠨ᠂ ᠠᠶᠢᠯ ᠡᠷᠦᠭᠡ ᠶᠢᠨ ᠤᠤᠯ ᠤᠨ ᠲᠤᠤᠷ ᠬᠦᠷᠢᠶ᠎ᠡ ᠶᠢ ᠪᠠᠭᠤᠯᠭᠠᠵᠤ᠂ ᠡᠷᠦᠭᠡ ᠬᠤᠯᠪᠤᠭᠠᠯᠠᠵᠦ ᠬᠡᠪᠴᠢᠶᠡᠵᠢᠬᠦᠯᠦᠨ ᠡᠵᠡᠩᠨᠡᠬᠦ ᠪᠤᠳᠤᠯᠭ᠎ᠠ ᠶᠢ ᠡᠬᠢᠯᠡᠨ ᠬᠡᠷᠡᠭᠵᠢᠬᠦᠯᠥᠭᠰᠡᠡ ᠪᠠᠶᠢᠨ᠎ᠠ᠃ ᠵᠠᠬ᠎ᠠ ᠲᠡᠯᠭᠡᠬᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦᠯᠬᠦ ᠶᠢᠨ ᠲᠦᠯᠦᠭᠡ ᠤᠤᠯ ᠤᠨ ᠬᠡᠷ ᠪᠦᠯᠢ ᠶᠢᠨ ᠲᠠᠷᠠᠬᠠᠢ ᠪᠤᠳᠠᠷᠬᠠᠢ ᠡᠵᠡᠩᠨᠡᠯᠳᠡ ᠶᠢᠨ ᠭᠡᠯᠪᠡᠷᠢ ᠶᠢ ᠦᠭᠡᠷᠡᠴᠢᠯᠡᠨ᠂ ᠠᠷᠪᠠᠨ ᠡᠷᠦᠭᠡ ᠪᠠᠷ ᠬᠤᠯᠪᠤᠭᠠᠯᠠᠨ ᠡᠵᠡᠩᠨᠡᠬᠦ ᠲᠤᠷᠰᠢᠯᠳᠠ ᠶᠢᠨ ᠠᠵᠢᠯ ᠢ ᠡᠬᠢᠯᠡᠨ ᠬᠡᠷᠡᠭᠵᠢᠬᠦᠯᠵᠦ᠂ ᠠᠶᠢᠮᠠᠭ ᠵᠡᠷᠭᠡᠯᠡᠳᠡᠭᠡ ᠶᠢᠨ ᠭᠠᠵᠠᠷ ᠤᠨ ᠰᠠᠪᠠ ᠶᠢ ᠤᠤᠯ ᠬᠡᠪ ᠢᠶᠠᠷ ᠪᠠᠶᠢᠯᠭᠠᠬᠤ ᠤᠷᠢᠳᠠᠯ ᠲᠤᠤᠷ᠎ᠠ ᠬᠠᠭᠤᠴᠢᠨ ᠪᠠᠶᠢᠭᠰᠠᠨ ᠲᠤᠤᠷ ᠬᠦᠷᠢᠶ᠎ᠡ ᠶᠢ ᠪᠠᠭᠤᠯᠭᠠᠵᠤ᠂ ᠰᠢᠨ᠎ᠡ ᠪᠠᠷ ᠨᠢᠭᠡᠳᠦᠯᠳᠠᠢ ᠲᠤᠤᠷ ᠬᠦᠷᠢᠶ᠎ᠡ ᠶᠢ ᠲᠠᠳᠠᠵᠠᠢ᠃ ᠡᠶᠢᠨ ᠬᠦ ᠵᠦᠪᠬᠡᠨ ᠲᠤᠤᠷ ᠬᠦᠷᠢᠶᠡᠨ ᠲᠡᠭᠡᠷ᠎ᠡ ᠠᠶᠢᠯ ᠪᠤᠯᠭᠠᠨ 4 ᠲᠦᠮᠡᠨ ᠲᠦᠬᠦᠷᠢᠭ ᠠᠷᠪᠢᠯᠠᠬᠤ ᠪᠤᠯᠤᠭᠰᠠᠨ ᠤ ᠬᠠᠮᠳᠤ᠂ ᠨᠤᠳᠤᠭ ᠪᠡᠯᠴᠢᠭᠡᠷ ᠢ ᠬᠠᠮᠳᠤ ᠪᠠᠷ ᠠᠰᠢᠭᠯᠠᠨ᠂ ᠠᠰᠢᠭᠯᠠᠯᠳᠠ ᠶᠢ ᠲᠡᠭᠡᠭᠰᠢᠯᠡᠬᠦᠯᠵᠦ᠂ ᠤᠰᠤᠨ ᠭᠠᠵᠠᠷ ᠢ ᠨᠢᠭᠡᠳᠬᠡᠨ᠂ ᠲᠡᠵᠢᠭᠡᠯ ᠰᠠᠶᠢᠳᠠᠢ ᠡᠪᠡᠰᠤ ᠲᠠᠷᠢᠭᠰᠠᠨ ᠠᠴᠠ ᠮᠠᠯ ᠤᠨ ᠡᠪᠡᠰᠦ ᠪᠤᠷᠳᠤᠭᠠᠨ ᠤ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠤ᠂ ᠡᠪᠡᠰᠦ ᠪᠤᠷᠳᠤᠭᠠᠨ ᠤ ᠲᠠᠯ᠎ᠠ ᠪᠠᠷ ᠡᠷᠦᠭᠡ ᠪᠤᠯᠭᠠᠨ ᠳᠤ 2 - 3 ᠲᠦᠮᠡᠨ ᠲᠦᠬᠦᠷᠢᠭ ᠤᠨ ᠤᠷᠤᠯᠭ᠎ᠠ ᠶᠢ ᠨᠡᠮᠡᠭᠳᠡᠬᠦᠯᠦᠭᠰᠡᠨ ᠪᠠᠶᠢᠨ᠎ᠠ᠃ ᠲᠠᠷᠠᠭ᠎ᠠ ᠨᠢ᠂ ᠲᠠᠷᠢᠶᠠᠯᠠᠩ ᠤᠨ ᠮᠠᠰᠢᠨᠴᠢᠯᠠᠯᠳᠠ ᠶᠢᠨ ᠬᠤᠷᠰᠢᠶᠠᠵᠢᠯ ᠢ ᠪᠠᠶᠢᠭᠤᠯᠤᠨ᠂ ᠮᠠᠰᠢᠨᠴᠢᠯᠠᠯᠳᠠ ᠶᠢ ᠠᠬᠢᠭᠤᠯᠵᠠᠢ᠃ ᠦᠩᠭᠡᠷᠡᠭᠰᠡᠨ ᠤ ᠮᠠᠯᠴᠢᠳ ᠤᠨ ᠬᠡᠷ ᠪᠦᠯᠢ ᠪᠠᠷ ᠨᠢᠭᠡᠴᠢᠯᠡᠨ ᠲᠠᠷᠢᠶᠠᠯᠠᠩ ᠤᠨ ᠮᠠᠰᠢᠨ ᠬᠤᠳᠠᠯᠳᠤᠨ ᠠᠪᠴᠤ᠂ ᠵᠦᠪᠬᠡᠨ ᠬᠡᠷ ᠪᠦᠯᠢ ᠳᠡᠭᠡᠨ ᠯᠠ ᠬᠡᠷᠡᠭᠯᠡᠨ᠂ ᠠᠰᠢᠭᠯᠠᠯᠳᠠ ᠲᠤᠤᠷ᠎ᠠ ᠂ ᠤᠷᠤᠭᠤᠯᠤᠯᠳᠠ ᠶᠡᠭᠡ ᠪᠠᠶᠢᠭ᠎ᠠ ᠪᠠᠶᠢᠳᠠᠯ ᠢ ᠦᠨᠳᠦᠰᠦᠨ ᠠᠴᠠ ᠨᠢ ᠦᠭᠡᠷᠡᠴᠢᠯᠡᠬᠦ ᠶᠢᠨ ᠲᠦᠯᠦᠭᠡ ᠲᠠᠷᠢᠶᠠᠯᠠᠩ ᠤᠨ ᠮᠠᠰᠢᠨᠴᠢᠯᠠᠯᠳᠠ ᠶᠢᠨ ᠬᠤᠷᠰᠢᠶᠠᠵᠢᠯ ᠢ ᠪᠠᠶᠢᠭᠤᠯᠵᠤ᠂ ᠲᠠᠷᠢᠶᠠᠯᠠᠩ ᠤᠨ ᠮᠠᠰᠢᠨ ᠢ ᠨᠢᠭᠡᠳᠦᠯᠳᠠᠢ ᠡᠵᠡᠩᠨᠡᠨ ᠬᠠᠮᠢᠶᠠᠷᠴᠤ᠂ ᠰᠤᠯᠠ ᠰᠡᠯᠡᠬᠦᠦ ᠮᠠᠰᠢᠨ ᠲᠦᠬᠦᠬᠡᠷᠦᠮᠵᠢ ᠶᠢ ᠪᠤᠷᠤᠯᠠᠭᠤᠯᠤᠨ ᠵᠤᠭᠤᠰ ᠬᠤᠪᠢᠯᠭᠠᠵᠤ᠂ ᠦᠢᠯᠡᠳᠪᠦᠷᠢᠯᠡᠯ ᠳᠤ ᠬᠡᠷᠡᠭᠯᠡᠭᠰᠡᠨ ᠠᠴᠠ ᠲᠠᠷᠢᠶᠠᠯᠠᠩ ᠤᠨ ᠮᠠᠰᠢᠨ ᠤ ᠠᠰᠢᠭᠯᠠᠯᠳᠠ ᠶᠢᠨ ᠨᠤᠷᠮ᠎ᠠ ᠶᠢ ᠶᠡᠭᠡᠬᠡᠨ ᠲᠡᠭᠡᠭᠰᠢᠯᠡᠬᠦᠯᠵᠦ᠂ ᠮᠠᠰᠢᠨᠴᠢᠯᠠᠯᠳᠠ ᠶᠢᠨ ᠦᠢᠯᠡᠰ ᠢ ᠠᠬᠢᠭᠤᠯᠤᠨ ᠬᠦᠳᠡᠯᠮᠦᠷᠢ ᠬᠦᠴᠦ ᠶᠢ ᠠᠷᠪᠢᠯᠡᠵᠤ᠂ ᠦᠢᠯᠡᠳᠪᠦᠷᠢᠯᠡᠯ ᠤᠨ ᠦᠷ᠎ᠡ ᠠᠰᠢᠭ ᠢ ᠲᠡᠭᠡᠭᠰᠢᠯᠡᠬᠦᠯᠥᠭᠰᠠᠠ ᠪᠠᠶᠢᠨ᠎ᠠ᠃ ᠭᠤᠷᠪᠠ ᠳᠤ᠂ ᠲᠦᠷᠦᠯ ᠵᠦᠢᠯ ᠢᠶᠠᠷ ᠲᠠᠶᠢᠴᠢᠯᠠᠨ ᠲᠠᠭᠠᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠪᠡ᠃ ᠲᠤᠭᠳᠠᠭᠤᠨᠴᠢᠮᠡᠭ ᠨᠦᠬᠦᠷ ᠭᠠᠴᠠᠭ᠎ᠠ ᠱᠠᠳᠤ ᠶᠢ ᠲᠠᠭᠠᠭᠠᠴᠢᠯᠠᠬᠤ ᠶᠢᠨ ᠬᠠᠮᠳᠤ ᠬᠤᠰᠢᠭᠤ ᠱᠠᠳᠤᠨ ᠤ ᠺᠠᠳ᠋ᠷ ᠠᠵᠢᠯᠳᠠᠨ ᠤ ᠬᠦᠭᠦᠷᠭᠡ ᠬᠤᠯᠪᠤᠭᠠᠰᠤ ᠶᠢᠨ ᠦᠢᠯᠡᠳᠦᠯ ᠢ ᠰᠠᠶᠢᠳᠤᠷ ᠪᠠᠳᠠᠷᠠᠭᠤᠯᠤᠨ᠂ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠷᠢᠯᠴᠠᠵᠤ ᠲᠦᠷᠦᠯ ᠵᠦᠢᠯ ᠤᠷᠤᠭᠤᠯᠬᠤ ᠠᠵᠢᠯ ᠢ ᠲᠦᠢᠯ ᠢᠶᠠᠷ ᠴᠢᠬᠤᠯᠠᠴᠢᠯᠠᠭᠰᠠᠨ ᠠᠴᠠ ᠰᠤᠶᠤᠯ᠂ ᠠᠮᠢ ᠠᠬᠤᠢ᠂ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠶᠢᠨ ᠲᠦᠷᠦᠯ ᠵᠦᠢᠯ ᠢ ᠶᠡᠭᠡ ᠪᠠᠷ ᠤᠷᠤᠭᠤᠯᠤᠨ ᠠᠪᠴᠢᠷᠠᠵᠤ᠂ ᠪᠦᠬᠦ ᠭᠠᠴᠠᠭᠠᠨ ᠤ ᠬᠦᠭᠵᠢᠯᠳᠡ ᠶᠢ ᠲᠦᠷᠭᠡᠳᠭᠡᠭᠰᠡᠡ ᠪᠠᠶᠢᠨ᠎ᠠ᠃ ᠲᠦᠷᠪᠡ ᠳᠤ᠂ ᠨᠠᠷᠢᠨ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠰᠠᠶᠢᠳᠤᠷ ᠠᠳᠬᠤᠵᠤ᠂ ᠠᠷᠠᠳ ᠤᠨ ᠠᠮᠢᠳᠤᠷᠠᠯ ᠢ ᠬᠠᠷᠠᠭᠠᠯᠵᠠᠨ ᠰᠠᠶᠢᠵᠢᠷᠠᠭᠤᠯᠪᠠ᠃ ᠪᠠᠶᠠᠨᠳᠤᠯᠤᠭᠠᠢ ᠭᠠᠴᠠᠭᠠᠨ ᠤ ᠲᠠᠩᠰᠠ ᠡᠪᠬᠡᠮᠡᠯ ᠳᠤ ᠤᠷᠤᠭᠤᠯᠤᠭᠰᠠᠨ 6 ᠶᠠᠳᠠᠭᠤ ᠡᠷᠦᠭᠡ ᠶᠢᠨ ᠪᠤᠳᠠᠳᠤ ᠪᠠᠶᠢᠳᠠᠯ ᠳᠤ ᠴᠢᠭᠯᠡᠬᠦᠯᠦᠨ᠂ ᠦᠵᠡᠯ ᠰᠠᠨᠠᠭ᠎ᠠ ᠤᠶᠤᠨ ᠤᠬᠠᠭᠠᠨ ᠤ ᠲᠠᠯ᠎ᠠ ᠪᠠᠷ ᠲᠡᠳᠬᠦᠬᠦ ᠶᠢ ᠭᠤᠤᠯᠳᠠᠭᠤᠯᠵᠦ᠂ ᠠᠵᠤ ᠦᠢᠯᠡᠰ ᠢ ᠬᠦᠭᠵᠢᠬᠦᠯᠬᠦ ᠠᠯᠤᠰ ᠤᠨ ᠬᠠᠷᠠᠯᠳᠠ ᠲᠤᠭᠳᠠᠭᠠᠨ᠂ ᠶᠠᠳᠠᠭᠤ ᠡᠷᠦᠭᠡ ᠶᠢᠨ ᠪᠤᠳᠠᠳᠤ ᠪᠠᠶᠢᠳᠠᠯ ᠳᠤ ᠲᠤᠬᠢᠷᠠᠯᠴᠠᠭᠰᠠᠨ ᠠᠵᠤ ᠦᠢᠯᠡᠰ ᠢ ᠬᠦᠭᠵᠢᠬᠦᠯᠵᠦ ᠠᠰᠢᠭ ᠤᠷᠤᠯᠭ᠎ᠠ ᠶᠢ ᠨᠢ ᠪᠠᠳᠤᠯᠠᠭ᠎ᠠ ᠲᠠᠢ ᠪᠤᠯᠭᠠᠵᠠᠢ᠃ ᠡᠬᠦᠨ ᠳᠤ ᠬᠤᠶᠠᠷ ᠡᠷᠦᠭᠡ ᠶᠢ ᠨᠢ ᠠᠵᠤ ᠠᠬᠤᠶᠢᠯᠠᠯ ᠲᠠᠢ ᠬᠠᠷᠢᠯᠴᠠᠵᠤ ᠪᠠᠶᠢᠭᠠᠳ ᠲᠤᠰ ᠲᠤᠰ ᠠᠷᠪᠠᠨ ᠡᠬᠡ ᠮᠠᠯ ᠢᠶᠠᠷ ᠲᠡᠳᠬᠦᠨ ᠲᠤᠰᠠᠯᠠᠵᠤ᠂ ᠠᠵᠤ ᠠᠬᠤᠶᠢᠯᠠᠯ ᠠᠴᠠ ᠵᠢᠯᠤᠭᠤᠳᠤᠨ ᠲᠠᠭᠠᠭᠤᠯᠵᠤ ᠮᠠᠯ ᠤᠨ ᠪᠤᠷᠤᠯᠠᠭᠤᠯᠭ᠎ᠠ ᠶᠢ ᠰᠠᠶᠢᠵᠢᠷᠠᠭᠤᠯᠵᠤ᠂ ᠠᠰᠢᠭ ᠤᠷᠤᠯᠭ᠎ᠠ ᠶᠢ ᠨᠢ ᠨᠡᠮᠡᠭᠳᠡᠭᠦᠯᠪᠠ︔ ᠦᠭᠡᠷ ᠲᠡᠵᠢᠭᠡᠵᠤ ᠪᠠᠶᠢᠭᠰᠠᠨ ᠨᠢᠭᠡ ᠡᠷᠦᠭᠡ ᠶᠢᠨ ᠤᠤᠯ ᠤᠨ ᠮᠠᠭᠤ ᠡᠬᠦᠯᠳᠡᠷ ᠤᠨ ᠦᠬᠡᠷ ᠢ ᠨᠢ ᠪᠤᠷᠤᠯᠠᠭᠤᠯᠵᠤ᠂ ᠰᠠᠶᠢᠨ ᠡᠬᠦᠯᠳᠡᠷ ᠤᠨ ᠦᠭᠡᠷ ᠢ ᠤᠷᠤᠭᠤᠯᠤᠨ ᠠᠪᠴᠢᠷᠠᠵᠤ᠂ ᠠᠰᠢᠭ ᠤᠷᠤᠯᠭ᠎ᠠ ᠶᠢ ᠨᠢ ᠨᠡᠮᠡᠭᠳᠡᠬᠦᠯᠪᠡ︔ ᠪᠠᠰᠠ ᠬᠤᠶᠠᠷ ᠡᠷᠦᠭᠡ ᠨᠢ ᠭᠠᠭᠴᠠ ᠪᠡᠶ᠎ᠡ ᠪᠠᠷ ᠠᠮᠢᠳᠤᠷᠠᠵᠤ᠂ ᠮᠠᠯ ᠦᠢᠯᠡᠳᠪᠦᠷᠢᠯᠡᠯ ᠡᠷᠬᠢᠯᠡᠬᠦ ᠨᠦᠬᠦᠴᠡᠯ ᠢᠳᠡᠪᠬᠢᠵᠢᠯ ᠲᠤᠤᠷ᠎ᠠ ᠪᠠᠶᠢᠭ᠎ᠠ ᠪᠠᠶᠢᠳᠠᠯ ᠳᠤ ᠴᠢᠭᠯᠡᠬᠦᠯᠦᠨ ᠂ ᠠᠵᠤ ᠠᠬᠤᠶᠢᠯᠠᠯ ᠲᠠᠢ ᠬᠠᠷᠢᠯᠴᠠᠵᠤ ᠪᠠᠶᠢᠭᠠᠳ ᠰᠠᠷ᠎ᠠ ᠪᠦᠷᠢ 3000 ᠲᠦᠬᠦᠷᠢᠭ ᠤᠨ ᠲᠤᠭᠳᠠᠭᠰᠠᠨ ᠠᠵᠢᠯ ᠤᠯᠭᠤᠵᠤ ᠦᠭᠪᠡ᠃ ᠡᠬᠦᠨ ᠤ ᠬᠠᠮᠳᠤ ᠪᠠᠰᠠ ᠲᠠᠭᠤᠷᠢᠶᠠᠯ ᠦᠵᠡᠬᠦᠯᠬᠦ ᠡᠷᠦᠭᠡ ᠠᠴᠠ ᠶᠠᠳᠠᠭᠤ ᠡᠷᠦᠭᠡ ᠶᠢ ᠲᠠᠶᠢᠴᠢᠯᠠᠨ ᠲᠠᠭᠠᠭᠤᠯᠬᠤ᠂ ᠬᠤᠷᠰᠢᠶᠠᠵᠢᠯ ᠳᠤ ᠬᠤᠪᠢ ᠤᠷᠤᠭᠤᠯᠤᠨ ᠬᠠᠮᠳᠤ ᠪᠠᠷ ᠬᠦᠭᠵᠢᠬᠦᠯᠬᠦ ᠬᠡᠯᠪᠡᠷᠢ ᠪᠠᠷ ᠠᠵᠤ ᠦᠢᠯᠡᠰ ᠤᠨ ᠬᠦᠭᠵᠢᠯᠳᠡ ᠶᠢ ᠲᠠᠶᠢᠴᠢᠯᠠᠭᠰᠠᠨ ᠠᠴᠠ ᠪᠦᠬᠦ ᠭᠠᠴᠠᠭᠠᠨ ᠤ ᠶᠠᠳᠠᠭᠤ ᠡᠷᠦᠭᠡ ᠶᠢ ᠴᠦᠮ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠤᠨ ᠪᠠᠶᠠᠵᠢᠨ ᠴᠢᠨᠡᠭᠡᠯᠢᠭᠵᠢᠬᠦᠯᠬᠦ ᠵᠠᠮ ᠳᠤ ᠬᠦᠳᠦᠯᠦᠨ ᠲᠠᠭᠠᠭᠤᠯᠤᠭᠰᠠᠨ ᠪᠠᠶᠢᠨ᠎ᠠ᠃        ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ ᠬᠡᠳᠡᠭ ᠢᠶᠠᠷ ᠲᠤᠭᠳᠠᠭᠤᠨᠴᠢᠮᠡᠭ ᠨᠦᠬᠦᠷ ᠤᠨ ᠲᠡᠪᠰᠢᠬᠦᠯᠦᠭᠰᠡᠨ ᠰᠠᠨᠠᠯ ᠰᠠᠨᠠᠭᠤᠯᠭ᠎ᠠ ᠶᠢ ᠭᠠᠴᠠᠭ᠎ᠠ ᠵᠦᠪᠯᠡᠯ ᠠᠴᠠ ᠲᠤᠷᠠᠳᠠᠢ ᠬᠦᠯᠢᠶᠡᠨ ᠠᠪᠴᠦ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠭᠰᠠᠨ ᠠᠴᠠ ᠮᠠᠯᠴᠢᠨ ᠲᠥᠮᠡᠡ ᠤ ᠬᠦᠷᠢᠶᠡᠯᠡᠯ ᠢ ᠤᠯᠵᠤ᠂ ᠲᠦᠷᠪᠡᠨ ᠲᠠᠯ᠎ᠠ ᠶᠢᠨ ︽ᠬᠠᠮᠤᠭ︾ ᠢ ᠡᠬᠦᠳᠥᠭᠰᠠᠠ ᠪᠠᠶᠢᠨ᠎ᠠ᠃ ᠲᠠᠷᠤᠢ ᠲᠤᠭᠠᠨ ᠤ ᠲᠠᠯ᠎ᠠ ᠪᠠᠷ᠂ ᠭᠠᠴᠠᠭᠠᠨ ᠳᠤ ᠤᠤᠯ ᠳᠠᠭᠠᠨ 8 ᠲᠤᠰᠬᠠᠢ ᠬᠤᠷᠰᠢᠶᠠᠵᠢᠯ ᠲᠠᠢ ᠪᠠᠶᠢᠭᠰᠠᠨ ᠠᠴᠠ ᠪᠠᠨ ᠤᠳᠤ 15 ᠬᠤᠷᠰᠢᠶᠠᠵᠢᠯ ᠲᠠᠢ ᠪᠤᠯᠵᠤ᠂ ᠬᠤᠷᠰᠢᠶᠠᠵᠢᠯ ᠤᠨ ᠭᠡᠰᠢᠬᠦᠨ ᠤ ᠲᠤᠭ᠎ᠠ 60 ᠬᠦᠮᠦᠨ ᠠᠴᠠ ᠪᠠᠨ 280 ᠭᠠᠷᠤᠢ ᠬᠦᠮᠦᠨ ᠪᠤᠯᠵᠣ ᠨᠡᠮᠡᠭᠳᠡᠭᠰᠡᠡ ᠪᠠᠶᠢᠨ᠎ᠠ᠃ ᠦᠷ᠎ᠡ ᠠᠰᠢᠭ ᠤᠨ ᠲᠠᠯ᠎ᠠ ᠪᠠᠷ᠂ 2017 ᠤᠨ ᠤ ᠬᠦᠮᠦᠨ ᠲᠤᠮᠳᠠᠴᠢ ᠴᠡᠪᠡᠷ ᠤᠷᠤᠯᠭ᠎ᠠ 1.3 ᠲᠦᠮᠡᠨ ᠲᠦᠬᠦᠷᠢᠭ ᠪᠠᠶᠢᠭᠰᠠᠨ ᠠᠴᠠ ᠪᠠᠨ 2018 ᠤᠨ ᠤ ᠡᠴᠦᠰ ᠪᠤᠯᠬᠤ ᠳᠤ 3 ᠲᠦᠮᠡᠨ ᠲᠦᠬᠦᠷᠢᠭ ᠲᠣ ᠬᠦᠷᠦᠭᠰᠡᠨ ᠪᠠᠶᠢᠨ᠎ᠠ᠃ ᠬᠡᠪᠴᠢᠶᠡᠵᠢᠯ ᠤᠨ ᠲᠠᠯ᠎ᠠ ᠪᠠᠷ᠂ 2017 ᠤᠨ ᠳᠤ ᠡᠷᠦᠭᠡ ᠲᠤᠮᠳᠠᠴᠢ ᠶᠢᠨ ᠴᠢᠨᠠᠷ ᠰᠠᠶᠢᠳᠠᠢ ᠲᠡᠵᠢᠭᠡᠯ ᠡᠪᠡᠰᠦ ᠪᠤᠷᠳᠤᠭᠠᠨ ᠤ ᠲᠠᠯᠠᠪᠠᠢ 10 ᠮᠦ ᠪᠠᠶᠢᠭᠰᠠᠨ ᠠᠴᠠ ᠪᠠᠨ 2018 ᠤᠨ ᠪᠤᠯᠬᠤ ᠳᠤ ᠡᠷᠦᠭᠡ ᠲᠤᠮᠳᠠᠴᠢ ᠪᠠᠷ 20 ᠮᠦ ᠳᠤ ᠬᠦᠷᠪᠡ᠃ ᠴᠢᠨᠠᠷ ᠤᠨ ᠲᠠᠯ᠎ᠠ ᠪᠠᠷ᠂ ᠪᠠᠶᠠᠨᠳᠤᠯᠤᠭᠠᠢ ᠭᠠᠴᠠᠭᠠᠨ ᠤ ᠪᠠᠶᠢᠭᠠᠯᠢᠯᠢᠭ ᠤᠷᠴᠢᠨ ᠠᠬᠤᠢ ᠶᠢᠨ ᠨᠦᠬᠦᠴᠡᠯ ᠲᠤᠤᠷᠠᠬᠢ ᠪᠤᠬᠢᠷᠳᠤᠯ ᠦᠭᠡᠢ᠂ ᠬᠢᠵᠢᠭ ᠦᠭᠡᠢ ᠤᠷᠤᠨ ᠤ ᠦᠭᠡᠷ ᠬᠤᠨᠢᠨ ᠤ ᠮᠢᠬᠠᠨ ᠤ ᠪᠤᠷᠤᠯᠠᠭᠤᠯᠤᠯᠳᠠ ᠶᠢᠨ ᠦᠨ᠎ᠡ ᠬᠠᠩᠰᠢ ᠶᠢ ᠲᠡᠭᠡᠭᠰᠢᠯᠡᠬᠦᠯᠵᠦ᠂ ᠤᠤᠯ ᠤᠨ ᠵᠢᠩ ᠪᠦᠷᠢ ᠳᠡᠭᠡᠨ 25 ᠲᠦᠬᠦᠷᠢᠭ ᠪᠠᠶᠢᠭᠰᠠᠨ ᠢ ᠨᠡᠮᠡᠭᠳᠡᠭᠦᠯᠥᠭᠡᠳ 33 ᠲᠦᠬᠦᠷᠢᠭ ᠲᠤ ᠬᠦᠷᠭᠡᠭᠰᠡᠨ ᠪᠠᠶᠢᠨ᠎ᠠ᠃ ᠲᠤᠭᠳᠠᠭᠤᠨᠴᠢᠮᠡᠭ ᠨᠦᠬᠦᠷ ᠭᠠᠴᠠᠭᠠᠨ ᠳᠤ ᠪᠠᠭᠤᠭᠰᠠᠨ ᠤᠬᠤᠷᠬᠠᠨ ᠨᠢᠭᠡ ᠵᠢᠯ ᠤᠨ ᠬᠤᠭᠤᠴᠠᠭᠠᠨ ᠳᠤ ᠦᠨᠡᠨ ᠦᠭᠡ ᠶᠠᠷᠢᠨ᠂ ᠪᠤᠳᠠᠳᠤ ᠠᠵᠢᠯ ᠬᠢᠵᠦ᠂ ᠦᠪᠡᠷ ᠤᠨ ᠠᠵᠢᠯ ᠤᠨ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠨ᠂ ︽ᠤᠯᠠᠨ ᠲᠦᠮᠡᠨ ᠤ ᠤᠴᠢᠷ ᠬᠠᠮᠤᠭ ᠠᠴᠠ ᠴᠢᠬᠤᠯᠠ︾ ᠭᠡᠳᠡᠭ ᠢ ᠪᠠᠳᠤ ᠴᠡᠭᠡᠵᠢᠯᠡᠵᠦ᠂ ᠮᠠᠯᠴᠢᠳ ᠤᠨ ᠲᠤᠮᠳᠠ ᠭᠦᠨᠵᠡᠭᠡᠶᠢᠷᠡᠵᠤ᠂ ᠮᠠᠯᠴᠢᠳ ᠲᠠᠢ ᠰᠡᠳᠬᠢᠯ ᠰᠠᠨᠠᠭ᠎ᠠ ᠪᠠᠨ ᠬᠤᠯᠪᠤᠨ᠂ ᠤᠯᠠᠨ ᠠᠷᠪᠢᠨ ᠪᠤᠳᠠᠳᠤ ᠠᠵᠢᠯ ᠬᠢᠵᠤ᠂ ᠮᠠᠯᠴᠢᠳ ᠤᠨ ᠬᠦᠴᠢᠷᠳᠡᠯ ᠢ ᠰᠢᠢᠳᠪᠦᠷᠢᠯᠡᠨ᠂ ᠭᠠᠴᠠᠭᠠᠨ ᠤ ᠪᠦᠬᠦ ᠲᠠᠯ᠎ᠠ ᠶᠢᠨ ᠬᠦᠭᠵᠢᠯᠳᠡ ᠳᠤ ᠠᠷᠭ᠎ᠠ ᠪᠤᠳᠤᠯᠭ᠎ᠠ ᠲᠡᠪᠰᠢᠬᠦᠯᠦᠭᠰᠡᠨ ᠢᠶᠠᠷ ᠲᠦᠷᠦ ᠶᠢᠨ ᠬᠠᠭᠠᠰ ᠲᠤᠯᠭᠠᠭᠤᠷᠢ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠠᠷᠠᠳ ᠤᠯᠠᠨ ᠤ ᠨᠡᠶᠢᠳᠡᠮ ᠬᠦᠷᠢᠶᠡᠯᠡᠯ ᠢ ᠤᠯᠤᠭᠰᠠᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号