ᠦᠢᠯᠡᠰ ᠤᠨ ᠮᠦᠷ ᠢᠶᠠᠷ ᠬᠢᠯᠠᠷᠠᠭᠤᠯᠵᠤ ᠶᠠᠪᠤᠭ᠎ᠠ ᠮᠠᠯᠴᠢᠨ ᠪᠦᠰᠡᠭᠦᠢ ᠭᠡᠷᠡᠯᠳᠤᠶᠠᠭ᠎ᠠ
ᠨᠡᠶᠢᠲᠡᠯᠡᠭᠰᠡᠨ ᠴᠠᠭ᠄
2019-06-18
     ᠬᠡᠷᠡᠯᠳᠤᠶᠠᠭ᠎ᠠ ᠪᠤᠯ ᠦᠤᠰᠢᠨ ᠬᠤᠰᠢᠭᠤᠨ ᠤ ᠰᠦᠯᠳᠡ ᠰᠤᠮᠤᠨ ᠤ ᠵᠢᠷ ᠤᠨ ᠨᠢᠭᠡᠨ ᠮᠠᠯᠴᠢᠨ ᠪᠦᠰᠡᠭᠦᠢ ᠶᠤᠮ ᠃ ᠲᠠᠷᠠ ᠮᠤᠩᠭᠤᠯ ᠨᠤᠳᠤᠭ ᠤᠨ ᠦᠷᠤᠴᠡᠨ ᠳᠤ ᠪᠦᠪᠠᠶᠢᠯᠡᠭᠳᠡᠨ ᠮᠤᠩᠭᠤᠯ ᠡᠵᠢ ᠶᠢᠨ ᠠᠷᠢᠭᠤᠨ ᠰᠦ ᠪᠠᠷ ᠤᠮᠳᠠᠯᠠᠭᠳᠠᠨ ᠮᠤᠩᠭᠤᠯ ᠰᠤᠶᠤᠯ ᠤᠨ ᠤᠬᠢ ᠰᠢᠮ᠎ᠡ ᠪᠠᠷ ᠠᠮᠢᠳᠤᠷᠠᠯ ᠦᠢᠯᠡᠰ ᠢᠶᠠᠨ ᠲᠡᠭᠡᠳᠤᠯᠡᠨ ᠶᠠᠪᠤᠬᠤ ᠳᠠᠭᠠᠨ ᠤᠯᠠᠮᠵᠢᠯᠠᠯᠳᠤ ᠮᠠᠯᠵᠢᠬᠤ ᠰᠤᠶᠤᠯ ᠢᠶᠠᠨ ᠰᠢᠨᠡᠴᠢᠯᠡᠨ ᠬᠦᠭᠵᠢᠭᠦᠯᠵᠤ᠂ ᠲᠠᠰᠤᠷᠠᠯᠳᠠ ᠦᠭᠡᠢ ᠰᠢᠨ᠎ᠡ ᠶᠢ ᠰᠦᠪᠡᠭᠴᠢᠯᠡᠨ ᠶᠠᠭᠤ ᠨᠢᠭᠡ ᠶᠢ ᠪᠦᠳᠦᠭᠡᠵᠤ ᠤᠷᠤᠯᠳᠤᠵᠤ ᠶᠠᠪᠤᠳᠠᠭ ᠪᠤᠯᠬᠤᠷ ᠦᠢᠯᠡᠰ ᠤᠨ ᠬᠢᠨ ᠵᠠᠮ ᠨᠢ ᠰᠤᠯᠤᠩᠭᠠᠷᠠᠨ ᠬᠤᠯᠠ ᠤᠶᠢᠷ᠎ᠠ ᠳᠠᠭᠠᠨ ᠠᠯᠳᠠᠷᠳᠠᠢ ᠠᠵᠤ ᠠᠬᠤᠶᠢᠯᠳᠠᠨ ᠪᠤᠯᠵᠤ ᠬᠢᠯᠠᠷᠠᠭᠤᠯᠵᠤ ᠶᠠᠪᠤᠨ᠎ᠠ᠃      ᠲᠡᠷᠡ ᠠᠵᠤ ᠠᠮᠢᠳᠤᠷᠠᠯ ᠪᠤᠰᠬᠠᠵᠤ ᠬᠠᠯᠠᠭᠤᠨ ᠲᠤᠯᠠᠭᠠᠨ ᠭᠡᠷ ᠪᠦᠯᠢ ᠪᠠᠶᠢᠭᠤᠯᠤᠭᠰᠠᠨ ᠠᠴᠠ ᠠᠪᠤᠭᠠᠳ ᠨᠦᠬᠦᠷ ᠲᠠᠢ ᠪᠠᠨ ᠰᠡᠳᠬᠢᠯ ᠨᠢᠭᠡᠳᠤᠨ ᠠᠵᠢᠯᠰᠠᠭ ᠬᠤᠶᠠᠷ ᠭᠠᠷ᠂ ᠤᠶᠤᠨᠴᠢ ᠰᠠᠮᠪᠠᠭ᠎ᠠ ᠪᠠᠨ ᠲᠦᠰᠢᠭᠯᠡᠨ ᠭᠡᠷ ᠪᠦᠯᠢ ᠶᠢᠨ ᠮᠠᠯᠵᠢᠯ ᠤᠨ ᠲᠠᠯᠠᠪᠤᠷ᠂ ᠴᠠᠭᠠᠨ ᠢᠳᠡᠭᠡ ᠪᠤᠯᠪᠠᠰᠤᠷᠠᠭᠤᠯᠬᠤ ᠭᠠᠵᠠᠷ᠂ ᠮᠠᠯᠴᠢᠨ ᠠᠶᠢᠯ ᠤᠨ ᠵᠢᠭᠤᠯᠴᠢᠯᠡᠯ ᠤᠨ ᠭᠠᠵᠠᠷ ᠵᠡᠷᠭᠡ ᠤᠷᠤᠨ ᠨᠤᠳᠤᠭ ᠤᠨ ᠤᠨᠴᠠᠯᠢᠭᠳᠤ ᠭᠡᠷ ᠪᠦᠯᠢ ᠶᠢᠨ ᠠᠵᠤ ᠦᠢᠯᠡᠰ ᠢ ᠵᠤᠷᠢᠭᠳᠠᠢ ᠡᠷᠬᠢᠯᠡᠨ ᠤᠳᠤ ᠨᠢᠭᠡᠨᠳᠡ ᠪᠠᠶᠠᠵᠢᠯ ᠬᠤᠷᠦ᠋ᠢᠯᠠᠭᠰᠠᠨ ᠬᠦᠳᠡᠭᠡ ᠠᠵᠤ ᠦᠢᠯᠡᠰ ᠤᠨ ᠵᠢᠱᠢᠶᠡᠴᠢ ᠭᠡᠷ ᠪᠦᠯᠢ ᠪᠤᠯᠤᠭᠰᠠᠨ ᠪᠠᠶᠢᠨ᠎ᠠ᠃      ︽ᠦᠭᠡᠳᠡᠯᠡᠬᠦ ᠠᠶᠢᠯ ᠤᠨ ᠦᠭᠡ ᠨᠢ ᠨᠢᠭᠡ᠂ ᠦᠰᠬᠦ ᠮᠠᠯ ᠤᠨ ᠵᠢᠰᠤ ᠨᠢ ᠨᠢᠭᠡ︾ ᠭᠡᠳᠡᠭᠴᠢᠯᠡᠨ ᠲᠤᠭᠤᠨᠠᠳᠤ ᠠᠮᠢᠳᠤᠷᠠᠯ ᠳᠤ ᠵᠠᠶᠠᠭ᠎ᠠ ᠬᠤᠯᠪᠤᠭᠰᠠᠨ ᠠᠴᠠ ᠠᠪᠤᠭᠠᠳ ᠬᠡᠷᠡᠯᠳᠤᠶᠠᠭ᠎ᠠ᠂ ᠨᠦᠬᠦᠷ ᠠᠯᠳᠠᠨᠰᠤᠤᠵᠢ ᠲᠠᠢ ᠪᠠᠨ ᠬᠠᠷᠢᠯᠴᠠᠨ ᠬᠦᠨᠳᠤᠳᠭᠡᠵᠤ ᠬᠠᠮᠳᠤ ᠪᠠᠷ ᠲᠠᠪᠰᠢᠨ ᠠᠶᠢᠯ ᠭᠡᠷ ᠠᠵᠢᠯ ᠦᠢᠯᠡᠰ ᠲᠡᠭᠡᠨ ᠲᠦᠰᠢᠭ ᠬᠠᠨᠢ᠂ ᠦᠷ᠎ᠡ ᠬᠡᠤᠬᠡᠳ ᠲᠡᠭᠡᠨ ᠡᠨᠡᠷᠢᠯ ᠤᠨ ᠨᠠᠷᠠ᠂ ᠠᠶᠢᠯ ᠬᠦᠷᠰᠢ ᠳᠡᠭᠡᠨ ᠨᠦᠬᠦᠷᠰᠡᠭ ᠰᠠᠭᠠᠬᠠᠯᠳᠠ᠂ ᠬᠠᠮᠳᠤ ᠨᠡᠶᠢᠳᠡ ᠳᠡᠭᠡᠨ ᠲᠠᠭᠤᠷᠢᠶᠠᠯ ᠭᠦᠴᠤᠨ ᠪᠤᠯᠵᠤ ᠬᠦᠳᠡᠭᠡ ᠠᠮᠢ ᠠᠬᠤᠢ ᠳᠠᠭᠠᠨ ᠰᠠᠭᠤᠷᠢᠯᠠᠨ ᠪᠠᠶᠢᠭᠠᠯᠢᠯᠢᠭ ᠬᠦᠭᠵᠢᠯᠳᠡ ᠶᠢ ᠪᠠᠷᠢᠮᠳᠠᠯᠠᠵᠤ ᠮᠠᠯ ᠠᠵᠤ ᠠᠬᠤᠢ ᠶᠢᠨ ᠠᠰᠢᠭ ᠰᠢᠮ᠎ᠡ ᠪᠠᠷ ᠢᠶᠠᠨ ᠠᠮᠢᠳᠤᠷᠠᠯ ᠤᠨᠳᠤᠷᠤᠯᠭ᠎ᠠ ᠪᠠᠨ ᠲᠡᠭᠡᠵᠢᠯᠡᠵᠤ ᠶᠠᠪᠤᠭ᠎ᠠ ᠪᠢᠯᠡ᠃      ᠭᠡᠷᠡᠯᠳᠤᠶᠠᠭ᠎ᠠ ᠬᠤᠪᠢ ᠠᠶᠢᠯ ᠤᠨ ᠠᠳᠠᠯ ᠠᠮᠢᠳᠤᠷᠠᠯ ᠢᠶᠠᠨ ᠦᠭᠡᠳᠡ ᠲᠠᠳᠠᠬᠤ ᠶᠢᠨ ᠲᠠᠭᠠᠤ᠂ ᠬᠠᠮᠳᠤ ᠨᠡᠶᠢᠳᠡ᠂ ᠨᠤᠳᠤᠭ ᠤᠰᠤ᠂ ᠠᠶᠢᠯ ᠵᠡᠷᠭᠡᠯᠡᠳᠡᠭᠡ ᠳᠡᠭᠡᠨ ᠦᠴᠤᠬᠡᠨ ᠴᠤ ᠲᠡᠮ ᠲᠤᠰᠠ ᠪᠤᠯᠬᠤ ᠪᠠᠷ ᠴᠢᠷᠮᠠᠶᠢᠵᠤ᠂ ᠨᠡᠩ ᠴᠤ ᠭᠠᠴᠠᠭᠠᠨ ᠤ ᠪᠠᠨ ᠡᠮᠡᠭᠳᠡᠶᠢᠴᠤᠳ ᠢᠶᠠᠨ ᠲᠠᠶᠢᠴᠢᠯᠡᠨ ᠡᠷᠴᠢ ᠭᠦᠴᠤᠨ ᠢ ᠨᠢᠭᠳᠠᠷᠠᠭᠤᠯᠤᠨ ᠶᠠᠳᠠᠭᠤ ᠠᠴᠠ ᠠᠩᠬᠢᠵᠢᠷᠠᠭᠤᠯᠤᠨ ᠬᠠᠮᠳᠤ ᠪᠠᠷ ᠴᠢᠨᠡᠭᠡᠯᠢᠭᠵᠢᠬᠦ ᠴᠢᠬᠤᠯᠠ ᠠᠭᠤᠯᠭ᠎ᠠ ᠶᠢᠨ ᠲᠤᠭᠤᠷᠢᠨ ᠳᠤ ᠲᠦᠷᠤ ᠶᠢᠨ ᠪᠤᠳᠤᠯᠭ᠎ᠠ ᠶᠢ ᠠᠬᠢᠭᠤᠯᠬᠤ᠂ ᠲᠦᠷᠤᠯ ᠵᠦᠢᠯ ᠢ ᠢᠳᠡᠪᠬᠢᠵᠢᠭᠦᠯᠬᠦ᠂ ᠬᠦᠮᠤᠵᠢᠯ ᠪᠤᠯᠪᠠᠰᠤᠷᠠᠯ ᠢ ᠴᠢᠩᠭᠠᠳᠬᠠᠬᠤ ᠵᠡᠷᠭᠡ ᠲᠠᠯ᠎ᠠ ᠪᠠᠷ ᠤᠯᠠᠨ ᠲᠦᠮᠡᠨ ᠢᠶᠠᠨ ᠲᠠᠶᠢᠴᠢᠯᠠᠨ ᠨᠤᠳᠤᠭ ᠤᠰᠤᠨ ᠤ ᠪᠠᠨ ᠪᠠᠶᠠᠵᠢᠯ ᠤᠨ ᠰᠤᠳᠤᠨ ᠲᠠᠭᠠᠭᠤᠯᠤᠭᠴᠢ ᠪᠤᠯᠤᠭᠰᠠᠨ ᠪᠠᠶᠢᠨ᠎ᠠ᠃      ᠪᠢᠷᠴᠢᠨ ᠲᠡᠳᠡᠨ ᠤ ᠳᠤ ᠬᠦᠷᠬᠦ ᠳᠤ ᠡᠸᠦ᠋ᠷᠤᠫᠠ ᠮᠠᠶ᠋ᠢᠭ ᠤᠨ ᠡᠪᠯᠢᠭᠬᠡᠨ ᠤᠷᠤᠨ ᠰᠠᠭᠤᠴᠠ᠂ ᠴᠡᠪᠡᠷ ᠴᠡᠮᠴᠡᠭᠡᠷ ᠭᠡᠷ ᠬᠦᠷᠢᠶ᠎ᠡ᠂ ᠢᠨᠢᠶᠡᠳᠤ ᠵᠢᠷᠭᠠᠯ ᠪᠢᠯᠬᠠᠭᠰᠠᠨ ᠮᠠᠯᠴᠢᠨ ᠠᠶᠢᠯ ᠤᠨ ᠪᠠᠶᠠᠰᠤᠯᠳᠤ ᠭᠦᠭ ᠠᠶᠠᠰ ᠵᠡᠷᠭᠡ ᠨᠢ ᠦᠪᠡᠷ ᠤᠨ ᠡᠷᠬᠡ ᠦᠭᠡᠢ ᠵᠤᠴᠢᠨ ᠬᠦᠮᠤᠰ ᠤᠨ ᠰᠡᠳᠬᠢᠯ ᠢ ᠲᠡᠳᠡᠵᠤ ᠬᠦᠳᠡᠭᠡ ᠠᠮᠢᠳᠤᠷᠠᠯ ᠤᠨ ᠦᠪᠡᠷᠮᠢᠴᠡ ᠭᠤᠶᠤ ᠶᠢ ᠭᠠᠶᠢᠬᠠᠭᠤᠯᠤᠨ ᠪᠠᠶᠢᠯ᠎ᠠ᠃ ᠲᠡᠳᠡᠨ ᠤ ᠬᠢᠨ ᠨᠢᠳᠤᠨᠤᠨ ᠦᠢᠷ᠎ᠠ ᠵᠡᠷᠭᠡᠯᠡᠳᠡᠭᠡ ᠶᠢᠨ ᠠᠷᠪᠠᠨ ᠶᠠᠳᠠᠭᠤ ᠭᠦᠴᠢᠷᠳᠡᠯᠳᠡᠢ ᠡᠷᠤᠬᠡ ᠶᠢ ᠲᠠᠶᠢᠴᠢᠯᠠᠨ ᠬᠠᠮᠳᠤ ᠪᠠᠷ ᠴᠠᠭᠠᠨ ᠢᠳᠡᠭᠡ ᠪᠤᠯᠪᠠᠰᠤᠷᠠᠭᠤᠯᠬᠤ ᠭᠡᠷ ᠪᠦᠯᠢ ᠶᠢᠨ ᠠᠵᠤ ᠦᠢᠯᠡᠰ ᠡᠷᠬᠢᠯᠡᠨ ᠰᠠᠭᠠᠯᠢ ᠶᠢᠨ ᠦᠨᠢᠶ᠎ᠡ ᠬᠤᠳᠠᠯᠳᠤᠨ ᠠᠪᠴᠤ᠂ ᠲᠦᠪᠯᠡᠷᠡᠭᠦᠯᠤᠨ ᠡᠳ᠋ᠰᠢᠭᠦᠯᠤᠨ ᠪᠤᠯᠪᠠᠰᠤᠷᠠᠭᠤᠯᠵᠤ ᠮᠠᠯ ᠲᠡᠵᠢᠭᠡᠪᠦᠷᠢ ᠶᠢᠨ ᠠᠰᠢᠭ ᠰᠢᠮ᠎ᠡ ᠪᠠᠷ ᠢᠶᠠᠨ ᠬᠦᠳᠡᠭᠡ ᠶᠢᠨ ᠴᠠᠭᠠᠨ ᠢᠳᠡᠭᠡ ᠦᠢᠯᠡᠳᠪᠦᠷᠢᠯᠡᠵᠤ ᠵᠠᠬ᠎ᠠ ᠲᠡᠯᠭᠡᠭᠦᠷ ᠲᠡᠭᠡᠷ᠎ᠡ ᠭᠠᠷᠭᠠᠨ ᠪᠤᠷᠤᠯᠠᠭᠤᠯᠭ᠎ᠠ ᠰᠠᠶᠢᠳᠠᠢ ᠪᠤᠯᠤᠭᠰᠠᠨ ᠪᠠᠶᠢᠨ᠎ᠠ᠃ ᠬᠡᠷᠡᠯᠳᠤᠶᠠᠭ᠎ᠠ ᠲᠤᠰᠬᠠᠢ ᠮᠡᠷᠭᠡᠵᠢᠯ ᠰᠤᠷᠤᠯᠴᠠᠬᠤ ᠂ ᠵᠠᠬ᠎ᠠ ᠲᠡᠯᠭᠡᠭᠦᠷ ᠲᠤ ᠠᠵᠢᠭᠯᠠᠯᠳᠠ ᠬᠢᠬᠦ᠂ ᠲᠤᠷᠰᠢᠯᠭ᠎ᠠ ᠰᠤᠯᠢᠯᠴᠠᠬᠤ ᠵᠡᠷᠭᠡ ᠠᠷᠭ᠎ᠠ ᠪᠠᠷᠢᠯ ᠢᠶᠠᠷ ᠵᠠᠬ᠎ᠠ ᠲᠡᠯᠭᠡᠭᠦᠷ ᠢᠶᠠᠨ ᠨᠡᠩ ᠦᠷᠭᠡᠳᠭᠡᠵᠤ᠂ ᠴᠠᠭᠠᠨ ᠢᠳᠡᠭᠡ ᠪᠠᠨ ᠤᠯᠠᠮᠵᠢᠯᠠᠯᠳᠤ ᠮᠠᠶ᠋ᠢᠭ ᠢᠶᠠᠷ ᠪᠤᠯᠪᠠᠰᠤᠷᠠᠭᠤᠯᠬᠤ ᠬᠠᠭᠤᠴᠢᠨ ᠠᠷᠭ᠎ᠠ ᠮᠠᠶ᠋ᠢᠭ ᠢᠶᠠᠨ ᠬᠤᠪᠢᠷᠠᠭᠤᠯᠵᠤ ᠬᠡᠷᠡᠭᠯᠡᠭᠴᠢᠳ ᠤᠨ ᠢᠳᠡᠭᠡᠨ ᠤ ᠲᠤᠷᠠᠰᠢᠯ ᠳᠤ ᠬᠠᠨᠳᠤᠭᠤᠯᠤᠨ ᠰᠤᠯᠠ ᠢᠳᠡᠭᠡᠨ ᠤ ᠬᠡᠯᠪᠡᠷᠢ᠂ ᠲᠡᠭᠡᠵᠢ ᠪᠡᠯᠩ ᠤᠨ ᠬᠡᠯᠪᠡᠷᠢ ᠪᠤᠯᠭᠠᠨ ᠦᠭᠡᠷᠡᠴᠢᠯᠡᠭᠰᠡᠨ ᠠᠴᠠ ᠰᠦᠨ ᠰᠢᠬᠢᠷ᠂ ᠴᠦᠴᠦᠭᠡᠢ ᠶᠢᠨ ᠰᠢᠬᠢᠷ᠂ ᠵᠦᠭᠡᠬᠡᠢ ᠶᠢᠨ ᠰᠢᠬᠢᠷ᠂ ᠠᠮᠤ ᠲᠠᠢ ᠬᠤᠷᠤᠳ ᠵᠡᠷᠭᠡ ᠨᠢ ᠵᠠᠬᠢᠶᠠᠯᠠᠭ᠎ᠠ ᠰᠠᠶᠢᠳᠠᠢ ᠪᠠᠶᠢᠵᠤ᠂ ᠵᠠᠬ᠎ᠠ ᠲᠡᠯᠭᠡᠭᠦᠷ ᠤᠨ ᠬᠠᠩᠭᠠᠯᠭ᠎ᠠ ᠶᠢ ᠬᠠᠩᠭᠠᠵᠤ ᠲᠡᠶᠢᠯᠬᠦ ᠦᠭᠡᠢ ᠳᠤ ᠬᠦᠷᠦᠭᠰᠡᠨ ᠪᠠᠶᠢᠨ᠎ᠠ᠃      ᠲᠡᠷᠡ ᠭᠠᠴᠠᠭᠠᠨ ᠤ ᠪᠠᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠡᠷᠬᠢᠯᠡᠭᠴᠢ ᠶᠢᠨ ᠠᠵᠢᠯ ᠢ ᠤᠯᠠᠨ ᠵᠢᠯ ᠤᠨ ᠲᠤᠷᠰᠢ ᠬᠠᠷᠢᠭᠤᠴᠠᠵᠤ ᠡᠮᠡᠭᠳᠡᠶᠢᠴᠤᠳ ᠢᠶᠠᠨ ᠲᠠᠶᠢᠴᠢᠯᠠᠨ ᠬᠠᠳᠬᠤᠮᠠᠯ ᠤᠷᠠᠯᠠᠯ ᠰᠤᠷᠤᠯᠴᠠᠬᠤ᠂ ᠤᠷᠴᠢᠨ ᠲᠤᠭᠤᠷᠢᠨ ᠠᠮᠢ ᠠᠬᠤᠢ ᠪᠠᠨ ᠭᠤᠶᠤᠵᠢᠭᠤᠯᠬᠤ᠂ ᠨᠤᠳᠤᠭ ᠤᠨ ᠪᠤᠯᠪᠠᠰᠤᠨ ᠰᠤᠷᠳᠠᠯ ᠢ ᠪᠤᠢ ᠪᠤᠯᠭᠠᠬᠤ ᠵᠡᠷᠭᠡ ᠲᠠᠯ᠎ᠠ ᠪᠠᠷ ᠴᠢᠷᠮᠠᠶᠢᠨ ᠠᠵᠢᠯᠯᠠᠵᠤ ᠰᠢᠨ᠎ᠡ ᠴᠠᠭ ᠦᠶ᠎ᠡ ᠶᠢᠨ ᠡᠮᠡᠭᠳᠡᠶᠢᠴᠤᠳ ᠤᠨ ᠵᠢᠳᠭᠦᠯ ᠴᠢᠷᠮᠠᠶᠢᠯᠭ᠎ᠠ ᠶᠢ ᠨᠡᠶᠢᠬᠡᠮ ᠲᠠᠶᠠᠭᠠᠷ ᠲᠠᠭᠠᠨ ᠮᠡᠳᠡᠷᠡᠭᠳᠡᠭᠦᠯᠤᠨ᠂ ᠦᠤᠰᠢᠨ ᠤ ᠪᠠᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ ᠨᠤᠮᠢᠨ ᠲᠠᠩᠰᠤᠭ ᠬᠦᠭᠵᠢᠨ ᠮᠠᠨᠳᠤᠯᠳᠠ ᠶᠢ ᠪᠡᠶᠡᠯᠡᠬᠦᠯᠬᠦ ᠳᠤ ᠬᠠᠭᠠᠰ ᠲᠤᠯᠭᠠᠭᠤᠷᠢ ᠶᠢᠨ ᠦᠢᠯᠡᠳᠤᠯ ᠢᠶᠠᠨ ᠦᠨᠡᠨ ᠬᠦ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号