ᠰᠢ ᠶᠢᠨ ᠫᠢᠩ ᠠᠮᠸᠢᠺᠠ ᠶᠢᠨ ᠶᠡᠷᠦᠩᠬᠡᠶᠢᠯᠡᠭᠴᠢ ᠲᠧᠷᠠᠮᠫᠦ᠋ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2019-06-20
     ᠤᠯᠤᠰ ᠤᠨ ᠲᠡᠷᠢᠭᠦᠯᠡᠭᠴᠢ ᠰᠢ ᠶᠢᠨ ᠫᠢᠩ 18 ᠤ ᠡᠳᠦᠷ ᠪᠤᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠲᠧᠷᠠᠮᠫᠦ᠋ ᠲᠠᠢ ᠤᠲᠠᠰᠤ ᠪᠠᠷ ᠶᠠᠷᠢᠯᠴᠠᠪᠠ᠃      ᠲᠧᠷᠠᠮᠫᠦ᠋᠂ ᠪᠢ ᠲᠡᠷᠢᠭᠦᠯᠡᠭᠴᠢ ᠰᠢ ᠶᠢᠨ ᠫᠢᠩ ᠯᠦᠭᠡ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠤᠤᠰᠠᠺᠠ ᠳᠠᠬᠢ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠳᠠᠬᠢᠨᠳᠠ ᠠᠭᠤᠯᠵᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠪᠠ ᠪᠢᠳᠡᠨ ᠤ ᠬᠠᠮᠲᠤ ᠪᠠᠷ ᠠᠩᠬᠠᠷᠴᠦ ᠪᠠᠶᠢᠭ᠎ᠠ ᠠᠰᠠᠭᠤᠳᠠᠯ ᠤᠨ ᠲᠤᠬᠠᠢ ᠭᠦᠨᠵᠡᠭᠡᠢ ᠤᠯᠤᠯᠴᠠᠬᠤ ᠶᠢ ᠬᠦᠰᠡᠨ ᠬᠦᠯᠢᠶᠡᠵᠥ ᠪᠠᠶᠢᠨ᠎ᠠ᠃ ᠠᠮᠧᠷᠢᠺᠠ ᠶᠢᠨ ᠬᠢᠨ ᠠᠮᠧᠷᠢᠺᠠ ᠳᠤᠮᠳᠠᠳᠤ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠴᠢᠬᠤᠯᠠᠴᠢᠯᠠᠨ ᠦᠵᠡᠵᠥ᠂ ᠬᠤᠶᠠᠷ ᠲᠠᠯ᠎ᠠ ᠶᠢᠨ ᠠᠵᠢᠯ ᠤᠨ ᠪᠦᠯᠬᠦᠮ ᠤᠯᠤᠯᠴᠠᠭ᠎ᠠ ᠦᠷᠨᠢᠭᠦᠯᠵᠦ᠂ ᠤᠳᠤᠬᠠᠨ ᠤ ᠵᠦᠷᠢᠯᠳᠦᠭᠡᠨ ᠢ ᠰᠢᠢᠳᠪᠦᠷᠢᠯᠡᠬᠦ ᠠᠷᠭ᠎ᠠ ᠶᠢ ᠡᠷᠲᠡᠭᠡᠨ ᠤᠯᠬᠤ ᠶᠢ ᠬᠦᠰᠡᠵᠦ ᠪᠠᠶᠢᠨ᠎ᠠ᠃ ᠪᠦᠬᠦ ᠳᠡᠯᠡᠬᠡᠢ ᠪᠠᠷ ᠢᠶᠠᠨ ᠴᠦᠮ ᠠᠮᠧᠷᠢᠺᠠ ᠳᠤᠮᠳᠠᠳᠤ ᠬᠡᠯᠡᠯᠴᠡᠭᠡᠷ ᠳᠤᠬᠢᠷᠠᠯᠴᠠᠬᠤ ᠶᠢ ᠬᠦᠰᠡᠨ ᠪᠠᠷᠠᠯᠠᠵᠤ ᠪᠠᠶᠢᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃      ᠰᠢ ᠶᠢᠨ ᠫᠢᠩ᠂ ᠤᠶᠢᠢᠷ᠎ᠠ ᠶᠢᠨ ᠬᠤᠭᠤᠴᠠᠭᠠᠨ ᠳᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠬᠡᠰᠡᠭ ᠬᠦᠴᠢᠷᠳᠡᠯ ᠳᠤ ᠲᠤᠯᠭᠠᠷᠠᠪᠠ᠂ ᠡᠨᠡ ᠨᠢ ᠬᠤᠶᠠᠷ ᠲᠠᠯ᠎ᠠ ᠶᠢᠨ ᠠᠰᠢᠬ ᠲᠤᠰᠠ ᠳᠤ ᠨᠡᠶᠢᠴᠡᠬᠦ ᠦᠭᠡᠢ᠃ ᠳᠤᠮᠳᠠᠳᠤ ᠠᠮᠧᠷᠢᠺᠠ ᠬᠠᠮᠲᠤᠷᠠᠯᠴᠠᠪᠠᠯ ᠬᠤᠶᠠᠷ ᠲᠠᠯ᠎ᠠ ᠳᠤ ᠴᠦᠮ ᠠᠰᠢᠬᠲᠠᠢ᠂ ᠲᠡᠮᠡᠴᠡᠯᠳᠦᠪᠡᠯ ᠬᠡᠨ ᠠᠯᠢᠨ ᠦᠭᠡᠢ ᠴᠦᠮ ᠬᠤᠬᠢᠷᠠᠨ᠎ᠠ᠃ ᠬᠤᠶᠠᠷ ᠲᠠᠯ᠎ᠠ ᠪᠠᠷ ᠢᠶᠠᠨ ᠮᠠᠨ ᠤ ᠳᠤᠬᠢᠷᠠᠯᠴᠠᠬᠰᠠᠨ ᠬᠠᠮᠲᠤ ᠶᠢᠨ ᠲᠠᠨᠢᠯᠲᠠ ᠶᠤᠰᠤᠭᠠᠷ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠬᠲᠠᠢ ᠪᠠᠶᠢᠬᠤ ᠰᠠᠭᠤᠷᠢᠨ ᠳᠡᠭᠡᠷ᠎ᠡ᠂ ᠵᠤᠬᠢᠴᠠᠭᠤᠯᠬᠤ᠂ ᠬᠠᠮᠲᠤᠷᠠᠯᠴᠠᠬᠤ᠂ ᠲᠤᠬᠲᠠᠭᠤᠨ ᠪᠠᠶᠢᠯᠭᠠᠬᠤ ᠪᠠᠷ ᠦᠨᠳᠦᠰᠦᠨ ᠬᠦᠭ ᠠᠶᠠᠰ ᠪᠤᠯᠭᠠᠬᠰᠠᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠠᠬᠢᠭᠤᠯᠪᠠᠯ ᠵᠤᠬᠢᠨ᠎ᠠ᠃ ᠳᠤᠮᠳᠠᠳᠤ ᠠᠮᠧᠷᠢᠺᠠ ᠪᠦᠬᠦ ᠪᠦᠮᠪᠦᠷᠴᠡᠭ ᠤᠨ ᠬᠠᠮᠤᠬ ᠤᠨ ᠶᠡᠭᠡ ᠬᠤᠶᠠᠷ ᠠᠵᠤ ᠠᠬᠤᠢ ᠶᠢᠨ ᠴᠤᠬᠴᠠ ᠪᠤᠯᠤᠬᠰᠠᠨ ᠤ ᠬᠤᠪᠢ ᠳᠤ ᠬᠦᠲᠦᠯᠦᠨ ᠳᠠᠭᠠᠭᠤᠯᠬᠤ ᠦᠢᠯᠡᠳᠦᠯ ᠢᠶᠠᠨ ᠬᠠᠮᠲᠤ ᠪᠠᠷ ᠪᠠᠳᠠᠷᠠᠭᠤᠯᠵᠤ᠂ ᠬᠤᠷᠢᠨ ᠤᠯᠤᠰ ᠤᠨ ᠪᠦᠯᠦᠭᠯᠡᠯ ᠤᠨ ᠤᠤᠰᠠᠺᠠ ᠳᠠᠬᠢ ᠲᠦᠷᠦᠭᠦᠴᠦᠳ ᠤᠨ ᠬᠤᠷᠠᠯ ᠢᠳᠡᠪᠬᠢᠲᠡᠢ ᠦᠷ᠎ᠡ ᠪᠦᠲᠦᠭᠡᠯ ᠤᠯᠬᠤ ᠶᠢ ᠠᠬᠢᠭᠤᠯᠵᠤ᠂ ᠪᠦᠬᠦ ᠪᠦᠮᠪᠦᠷᠴᠡᠭ ᠤᠨ ᠵᠠᠬ᠎ᠠ ᠳᠡᠯᠭᠡᠭᠦᠷ ᠲᠤ ᠢᠲᠡᠭᠡᠯ ᠵᠤᠷᠢᠬ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠤᠤᠰᠠᠺᠠ ᠳᠠᠬᠢ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠠᠭᠤᠯᠵᠠᠯᠲᠠ ᠬᠢᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠦᠭᠵᠢᠯᠲᠠ ᠳᠤ ᠬᠤᠯᠪᠤᠬᠳᠠᠬᠤ ᠦᠨᠳᠦᠰᠦᠨ ᠴᠢᠨᠠᠷᠲᠠᠢ ᠠᠰᠠᠭᠤᠳᠠᠯ ᠤᠨ ᠲᠤᠬᠠᠢ ᠰᠠᠨᠠᠯ ᠢᠶᠠᠨ ᠰᠤᠯᠢᠯᠴᠠᠨ᠎ᠠ ᠭᠡᠵᠦ ᠵᠢᠭᠠᠵᠤ ᠭᠠᠷᠭᠠᠪᠠ      ᠰᠢ ᠶᠢᠨ ᠫᠢᠩ᠂ ᠠᠵᠤ ᠠᠬᠤᠢ ᠠᠷᠠᠯᠵᠢᠶᠠᠨ ᠤ ᠠᠰᠠᠭᠤᠳᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠶᠠᠷᠢᠯᠴᠠᠭ᠎ᠠ ᠬᠢᠬᠦ ᠪᠠᠷ ᠳᠠᠮᠵᠢᠨ ᠠᠰᠠᠭᠤᠳᠠᠯ ᠢ ᠰᠢᠢᠳᠪᠦᠷᠢᠯᠡᠪᠠᠯ ᠵᠤᠬᠢᠨ᠎ᠠ᠂ ᠵᠠᠩᠬᠢᠯᠠᠭ᠎ᠠ ᠨᠢ ᠬᠠᠷᠢᠯᠴᠠᠨ ᠲᠤᠰ ᠲᠤᠰ ᠤᠨ ᠠᠩᠬᠠᠷᠤᠨ ᠬᠠᠯᠠᠮᠵᠢᠯᠠᠵᠤ ᠪᠠᠶᠢᠭ᠎ᠠ ᠵᠦᠢ ᠶᠤᠰᠤᠨ ᠤ ᠠᠰᠠᠭᠤᠳᠠᠯ ᠢ ᠬᠠᠷᠠᠭᠠᠯᠵᠠᠬᠤ ᠳᠤ ᠪᠠᠶᠢᠨ᠎ᠠ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠲᠦᠪ ᠭᠤᠤᠯᠴᠢ ᠪᠠᠷ ᠬᠠᠨᠳᠤᠬᠤ ᠶᠢ ᠪᠢᠳᠡ ᠬᠦᠰᠡᠵᠦ ᠪᠠᠶᠢᠨ᠎ᠠ᠃ ᠪᠢ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠵᠦᠪᠳᠡᠯᠴᠡᠭᠡᠨ ᠤ ᠪᠦᠯᠬᠦᠮ ᠵᠦᠷᠢᠯᠳᠦᠭᠡᠨ ᠢᠶᠠᠨ ᠬᠡᠷᠬᠢᠨ ᠰᠢᠢᠳᠪᠦᠷᠢᠯᠡᠬᠦ ᠲᠤᠬᠠᠢ ᠤᠯᠤᠯᠴᠠᠭ᠎ᠠ ᠪᠠᠨ ᠪᠠᠲᠤᠯᠠᠬᠤ ᠶᠢ ᠵᠦᠪᠰᠢᠶᠡᠷᠡᠨ᠎ᠡ ᠭᠡᠵᠦ ᠴᠢᠬᠤᠯᠠᠴᠢᠯᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号